ᠾᠧ ᠯᠦᠩ ᠤᠨ  ᠬᠤᠪᠢᠰᠬᠠᠯᠳᠤ ᠬᠦᠳᠡᠯᠭᠡᠭᠡᠨ ᠬᠢᠵᠦ ᠪᠠᠶᠢᠭᠰᠠᠨ ᠬᠠᠭᠤᠴᠢᠨ ᠪᠠᠭᠤᠷᠢ
ᠨᠡᠶᠢᠲᠡᠯᠡᠭᠰᠡᠨ ᠴᠠᠭ᠄
2019-07-16
     ᠾᠧ ᠯᠦᠩ ᠤᠨ ᠬᠤᠪᠢᠰᠬᠠᠯᠳᠤ ᠬᠦᠳᠡᠯᠭᠡᠭᠡᠨ ᠬᠢᠵᠦ ᠪᠠᠶᠢᠭᠰᠠᠨ ᠬᠠᠭᠤᠴᠢᠨ ᠪᠠᠭᠤᠷᠢ ᠨᠢ ᠬᠤᠩ ᠮᠤᠤ ᠪᠠᠯᠭᠠᠰᠤ ᠶᠢᠨ ᠵᠢᠩ ᠭᠧᠦ ᠲᠣᠰᠬᠤᠨ ᠳᠤ ᠪᠠᠶᠢᠵᠤ᠂ ᠪᠦᠬᠦᠯᠢ ᠴᠣᠭᠴᠠ ᠶᠢᠨ ᠪᠠᠷᠢᠯᠭ᠎ᠠ ᠨᠢ  ᠡᠷᠲᠡᠨ ᠤ ᠥᠩᠭᠡ ᠲᠠᠢ ᠪᠠᠶᠢᠵᠤ᠂ ᠠᠷᠪᠠ ᠶᠢᠰᠦᠳᠦᠭᠡᠷ ᠵᠠᠭᠤᠨ ᠤ ᠧᠦ᠋ᠷᠣᠫᠠ ᠲᠢᠪ  ᠤᠨ ᠪᠧᠯᠭᠢ ᠶᠢᠨ ᠱᠠᠰᠢᠨ ᠳᠡᠯᠭᠡᠷᠡᠭᠦᠯᠦᠭᠴᠢ ᠶᠢᠨ  ᠪᠠᠶᠢᠭᠤᠯᠤᠭᠰᠠᠨ ᠺᠠᠲ᠋ᠣᠯᠢᠭ ᠱᠠᠰᠢᠨ ᠤ ᠳᠤᠭᠠᠩ ᠪᠣᠯᠤᠨ᠎ᠠ᠃ 1945 ᠣᠨ ᠤ  10 ᠰᠠᠷ᠎ᠠ ᠠᠴᠠ 1946 ᠣᠨ 1 ᠰᠠᠷ᠎ᠠ ᠶᠢᠨ ᠬᠤᠭᠤᠷᠣᠨᠳᠣ᠂ ᠾᠧ  ᠯᠦᠩ ᠴᠡᠷᠢᠭ ᠠᠩᠭᠢ ᠪᠠᠨ ᠳᠠᠭᠠᠭᠤᠯᠤᠨ  ᠯᠢᠶᠠᠩᠴᠧᠩ ᠳᠤ ᠭᠤᠷᠪᠠᠨᠲᠠ ᠰᠠᠭᠤᠵᠤ᠂ ᠤᠯᠤᠰ ᠲᠥᠷᠥ ᠶᠢᠨ ᠬᠡᠯᠲᠡᠰ ᠢ ᠵᠢᠩ ᠭᠸᠦ  ᠲᠤᠰᠬᠤᠨ ᠤ ᠳᠤᠭᠠᠩ ᠳᠤ  ᠪᠠᠶᠢᠭᠤᠯᠵᠤ᠂ ᠾᠧ  ᠯᠦᠩ᠂ ᠯᠢ ᠵᠢᠩ ᠴᠢᠤᠸᠠᠨ ᠵᠡᠷᠭᠡ ᠬᠥᠮᠦᠰ ᠲᠤᠰ ᠭᠠᠵᠠᠷ ᠲᠤ ᠴᠡᠷᠢᠭ ᠠᠩᠭᠢ ᠶᠢ ᠴᠡᠭᠴᠡᠯᠡᠨ ᠪᠣᠯᠪᠠᠰᠤᠷᠠᠭᠤᠯᠵᠤ᠂ ᠪᠠᠶᠢᠯᠳᠤᠭᠠᠨ ᠢ ᠵᠢᠯᠣᠭᠤᠳᠴᠠᠶ᠃ ᠬᠦᠷᠢᠶᠡᠨ ᠳᠤ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠪᠦᠲᠦᠭᠡᠭᠰᠡᠨ ᠾᠧ ᠯᠦᠩ ᠮᠠᠷᠱᠠᠯ ᠤᠨ ᠬᠦᠷᠡᠯ ᠱᠤᠭᠤᠮᠠᠯ ᠢ ᠱᠤᠭᠤᠵᠤ᠂ ᠬᠥᠮᠦᠰ ᠤᠨ ᠪᠠᠷᠠᠳᠠᠬᠤ ᠶᠢ ᠬᠠᠩᠭᠠᠪᠠ᠃      ᠬᠠᠭᠤᠴᠢᠨ ᠰᠠᠭᠤᠴᠠ ᠳᠤ ᠭᠤᠷᠪᠠᠨ ᠳᠡᠯᠭᠡᠨ ᠦᠵᠡᠭᠦᠯᠬᠦ ᠲᠠᠰᠤᠭ ᠲᠠᠢ᠂ ᠾᠧ ᠯᠦᠩ ᠤᠨ ᠲᠤᠬᠠᠢ ᠶᠢᠨ ᠵᠢᠯ ᠳᠤ ᠬᠡᠷᠡᠭᠯᠡᠵᠦ ᠥᠩᠭᠡᠷᠡᠭᠰᠡᠨ ᠠᠯᠪᠠᠨ ᠭᠡᠷ ᠤᠨ ᠬᠡᠷᠡᠭᠰᠡᠯ᠂ ᠠᠮᠢᠳᠤᠷᠠᠯ ᠤᠨ ᠬᠡᠷᠡᠭᠰᠡᠯ ᠪᠣᠯᠤᠨ ᠬᠤᠪᠢᠰᠬᠠᠯ ᠤᠨ ᠠᠵᠢᠯᠯᠠᠭᠠᠨ ᠤ ᠵᠢᠷᠤᠭ᠂ ᠮᠠᠲ᠋ᠧᠷᠢᠶᠠᠯ ᠵᠡᠷᠭᠡ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠡᠭᠦᠨ ᠠᠴᠠ ᠭᠠᠳᠠᠨ᠎ᠠ ᠪᠠᠰᠠ ᠭᠤᠤ ᠺᠧ ᠯᠢᠨ᠂ ᠶᠠᠩ ᡁᠢ ᠯᠢᠨ᠂ ᠪᠥᠬᠡ ᠂ ᠪᠠᠢ ᠴᠧᠩ ᠮᠢᠩ᠂ ᠴᠧᠩ ᠹᠧᠩ ᠲᠣᠤ᠂ ᠯᠦ ᠫᠢᠩ ᠵᠡᠷᠭᠡ 20 ᠭᠠᠷᠤᠢ ᠨᠠᠮ ᠪᠣᠯᠤᠨ ᠤᠯᠤᠰ ᠵᠢᠴᠢ ᠮᠣᠵᠢ ᠶᠠᠮᠤᠨ ᠤ ᠤᠳᠤᠷᠢᠳᠤᠯᠭ᠎ᠠ ᠶᠢᠨ ᠪᠢᠴᠢᠭᠡᠰᠦ ᠶᠢ ᠳᠡᠯᠭᠡᠨ ᠦᠵᠡᠭᠦᠯᠵᠦ᠂ ᠲᠤᠬᠠᠢ ᠶᠢᠨ ᠵᠢᠯ ᠤᠨ ᠾᠧ ᠯᠦᠩ ᠨᠥᠬᠦᠷ ᠤᠨ ᠬᠤᠪᠢᠰᠬᠠᠯ ᠤᠨ ᠠᠮᠢᠳᠤ  ᠰᠡᠷᠢᠭᠦᠨ ᠦᠶ᠎ᠡ ᠶᠢᠨ ᠠᠭᠤᠤ ᠭᠠᠪᠢᠶ᠎ᠠ ᠠᠤᠭ᠎ᠠ ᠵᠢᠳᠬᠦᠯ ᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠲᠤᠰ ᠬᠠᠭᠤᠴᠢᠨ ᠪᠠᠭᠤᠷᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠤᠶᠢᠯ ᠤᠨ ᠬᠠᠮᠠᠭᠠᠯᠠᠯᠲᠠ ᠶᠢᠨ ᠨᠢᠭᠡᠴᠡ ᠪᠠ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠭᠠᠭᠰᠠᠨ  ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2