ᠲᠠᠭ᠎ᠠ ᠶᠢᠨ ᠨᠠᠭᠤᠷ
ᠨᠡᠶᠢᠲᠡᠯᠡᠭᠰᠡᠨ ᠴᠠᠭ᠄
2019-07-16
     55 ᠲᠡᠭᠰᠢ ᠳᠥᠷᠪᠡᠯᠵᠢᠨ ᠺᠢᠯᠤᠮᠧᠲᠷ ᠤᠨ ᠳᠠᠭ᠎ᠠ ᠶᠢᠨ ᠨᠠᠭᠤᠷ ᠪᠣᠯ ᠥᠪᠥᠷ ᠮᠣᠩᠭᠤᠯ ᠤᠨ ᠭᠤᠷᠪᠠᠳᠤᠭᠠᠷ ᠶᠡᠭᠡ ᠳᠣᠲᠣᠭᠠᠳᠤ ᠬᠠᠭᠤᠷᠠᠢ ᠶᠢᠨ ᠨᠠᠭᠤᠷ ᠪᠣᠯᠤᠨ᠎ᠠ᠂ ᠤᠮᠠᠷᠠᠲᠤ ᠣᠷᠣᠨ ᠤ ᠥᠨᠳᠦᠷᠯᠢᠭ  ᠤᠨ ᠣᠷᠣᠨ ᠤ ᠠᠮᠢ ᠠᠬᠤᠢ ᠬᠠᠮᠤᠭ ᠤᠨ ᠪᠦᠷᠢᠨ ᠪᠦᠲᠦᠨ ᠲᠣᠮᠣ ᠬᠡᠯᠪᠡᠷᠢ ᠶᠢᠨ ᠴᠡᠩᠭᠡᠭ ᠤᠰᠤᠨ ᠤ ᠨᠤᠭᠤ ᠭᠠᠵᠠᠷ ᠤᠨ ᠨᠠᠭᠤᠷ ᠴᠥᠭᠦᠷᠥᠮ ᠪᠣᠯᠤᠨ᠎ᠠ᠃ ᠳᠠᠭ᠎ᠠ ᠶᠢᠨ ᠨᠠᠭᠤᠷ ᠤᠨ 7᠂ 8᠂ 9 ᠭᠤᠷᠪᠠᠨ ᠰᠠᠷ᠎ᠠ ᠶᠢᠨ ᠳᠤᠮᠳᠠᠴᠢ ᠳᠤᠯᠠᠭᠠᠨ ᠤ ᠬᠡᠮᠵᠢᠶ᠎ᠡ ᠨᠢ 20 ℃ ᠠᠴᠠ ᠳᠡᠭᠡᠭᠰᠢ ᠪᠠᠶᠢᠵᠤ᠂ ᠦᠳᠡ ᠶᠢᠨ ᠡᠮᠦᠨᠡᠬᠢ 9 ᠴᠠᠭ ᠠᠴᠠ ᠦᠳᠡ ᠬᠤᠶᠢᠨᠠᠬᠢ 5 ᠴᠠᠭ ᠪᠣᠯᠲᠠᠯ᠎ᠠ ᠤᠰᠤᠨ ᠤ ᠳᠤᠯᠠᠭᠠᠨ ᠨᠢ 24 ℃ ᠠᠴᠠ ᠳᠡᠭᠡᠭᠰᠢ ᠪᠠᠶᠢᠵᠤ᠂ ᠡᠳᠦᠷ ᠤᠨ ᠬᠠᠮᠤᠭ ᠥᠨᠳᠥᠷ ᠤᠰᠤᠨ ᠤ ᠳᠤᠯᠠᠭᠠᠨ ᠨᠢ 27 ℃ ᠣᠷᠴᠢᠮ ᠪᠠᠶᠢᠵᠤ᠂ ᠴᠢᠨ ᠬᠤᠸᠠᠩ ᠳ᠋ᠤᠤ ᠠᠷᠠᠯ᠂ ᠪᠧ ᠳ᠋ᠠᠶ ᠾᠧ ᠭᠤᠣᠯ ᠤᠨ ᠤᠰᠤᠨ ᠤ ᠳᠤᠯᠠᠭᠠᠨ ᠲᠠᠢ ᠠᠳᠠᠯᠢᠪᠲᠤᠷ ᠪᠠᠶᠢᠵᠤ᠂ ᠤᠰᠤᠨ ᠤ ᠳᠤᠯᠠᠭᠠᠨ ᠨᠢ 23 ℃ ᠠᠴᠠ ᠳᠡᠭᠡᠭᠰᠢ ᠤᠯᠤᠰ  ᠤᠨ ᠪᠠᠶᠢᠭᠠᠯᠢ ᠶᠢᠨ ᠤᠬᠢᠶᠠᠯᠭ᠎ᠠ ᠶᠢᠨ ᠲᠠᠯᠠᠪᠠᠢ ᠶᠢᠨ ᠪᠠᠷᠢᠮᠵᠢᠶ᠎ᠠ ᠳᠤ ᠪᠦᠷᠢᠮᠦᠰᠦᠨ ᠨᠡᠶᠢᠴᠡᠵᠦ ᠪᠠᠶᠢᠨ᠎ᠠ᠃ ᠳᠠᠭ᠎ᠠ ᠶᠢᠨ ᠨᠠᠭᠤᠷ ᠨᠢ ᠡᠷᠲᠡᠨ ᠳᠡᠭᠡᠨ ᠲᠢᠶᠠᠨ ‍ᠤᠤᠢ ᠨᠠᠭᠤᠷ ᠭᠡᠳᠡᠭ᠃ ᠮᠢᠩ ᠤᠯᠤᠰ  ᠤᠨ   ᠦᠶ᠎ᠡ ᠳᠤ ᠤᠰᠤᠨ ᠳᠤ ᠣᠷᠣᠬᠤ ᠰᠢᠬᠠᠭᠠᠳ᠂ ᠶᠡᠷᠦ ᠳᠡᠭᠡᠨ  ᠸᠧᠨᠢᠨ ᠲᠠᠩᠭᠢᠰ ᠭᠡᠳᠡᠭ᠃ ᠴᠢᠩ ᠤᠯᠤᠰ  ᠤᠨ ᠡᠬᠢᠨ ᠤ  ᠦᠶ᠎ᠡ ᠳᠤ  ᠲᠠᠭ᠎ᠠ ᠶᠢᠨ ᠨᠠᠭᠤᠷ ︵ᠬᠤᠶᠠᠷ ᠨᠠᠰᠤᠲᠠᠶ ᠤᠨᠠᠭ᠎ᠠ︶᠂ ᠳ᠋ᠠᠶ ᠬᠠ  ᠨᠠᠭᠤᠷ ᠭᠡᠵᠦ ᠪᠠᠶᠢᠪᠠ᠃ ᠪᠠᠳᠠᠷᠠᠭᠤᠯᠲᠤ ᠲᠥᠷᠥ ᠶᠢᠨ ᠡᠬᠢᠨ ᠤ  ᠦᠶ᠎ᠡ ᠳᠤ ᠰᠠᠶ᠋ᠢ ᠵᠢᠩᠬᠢᠨᠢ ᠪᠠᠷ ᠳ᠋ᠠᠶ ᠬᠠᠢ ᠨᠠᠭᠤᠷ ᠭᠡᠵᠦ ᠨᠡᠷᠡᠶᠢᠳᠴᠡᠶ᠃ ᠲᠡᠤᠬᠡᠨ ᠪᠢᠴᠢᠭ ᠲᠤ ᠲᠡᠮᠳᠡᠭᠯᠡᠭᠰᠡᠨ  ᠢ ᠦᠨᠳᠦᠰᠦᠯᠡᠪᠡᠯ᠂ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠨᠢ ᠤᠤᠯ ᠨᠢ ᠤᠰᠤ ᠪᠡᠯᠴᠢᠭᠡᠷ ᠡᠯᠪᠡᠭ ᠳᠡᠯᠪᠡᠭ ᠨᠡᠭᠦᠳᠡᠯᠯᠡᠨ ᠮᠠᠯᠵᠢᠵᠤ ᠪᠠᠶᠢᠭᠰᠠᠨ ᠭᠠᠵᠠᠷ ᠪᠠᠶᠢᠵᠤ᠂ ᠬᠠᠪᠤᠷ᠂ ᠵᠤᠨ᠂ ᠨᠠᠮᠤᠷ ᠤᠨ ᠤᠯᠠᠷᠢᠯ ᠪᠣᠯᠬᠤ ᠪᠦᠷᠢ ᠳᠠᠭ᠎ᠠ ᠶᠢᠨ ᠨᠠᠭᠤᠷ ᠤᠨ ᠬᠤᠶᠠᠷ ᠡᠷᠭᠢ ᠨᠢ ᠡᠪᠡᠰᠦ ᠪᠡᠯᠴᠢᠭᠡᠷ ᠨᠣᠭᠤᠭᠠᠷᠠᠵᠤ᠂ ᠦᠬᠡᠷ ᠬᠤᠨᠢ ᠨᠢ ᠭᠠᠵᠠᠷ ᠰᠠᠢ ᠦᠭᠡᠢ  ᠪᠡᠯᠴᠢᠵᠦ᠂ ᠨᠠᠭᠤᠷ ᠤᠨ ᠨᠢᠭᠤᠷ ᠳᠡᠭᠡᠷ᠎ᠡ ᠤᠷᠠᠨ ᠬᠠᠵᠢᠨ᠂ ᠬᠠᠯᠢᠭᠤᠨ ᠭᠠᠯᠠᠭᠤ ᠰᠦᠷᠦᠭᠯᠡᠵᠦ᠂ ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ ᠬᠡᠮᠡᠭᠳᠡᠳᠡᠭ᠃
      ᠳᠠᠭ᠎ᠠ ᠶᠢᠨ ᠨᠠᠭᠤᠷ ᠪᠣᠯ ᠨᠡᠶᠢᠲᠡᠯᠢᠭ ᠳᠣᠲᠣᠭᠠᠳᠤ ᠬᠠᠭᠤᠷᠠᠶ ᠶᠢᠨ ᠴᠡᠩᠭᠡᠭ ᠤᠰᠤᠨ ᠤ ᠨᠠᠭᠤᠷ ᠪᠠᠶᠢᠵᠤ᠂ ᠡᠷᠭᠢᠨ ᠲᠣᠭᠤᠷᠢᠨ ᠤ 22 ᠵᠤᠷᠪᠤᠰ ᠭᠤᠣᠯ ᠮᠥᠷᠡᠨ ᠪᠠ ᠳᠤᠮᠳᠠ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠠᠴᠠ ᠬᠤᠷᠠᠵᠤ ᠪᠦᠲᠦᠭᠰᠡᠨ ᠶᠤᠮ᠂ ᠡᠷᠭᠢᠨ ᠲᠣᠭᠤᠷᠢᠨ ᠤ ᠴᠢᠭᠢᠭᠯᠢᠭ ᠭᠠᠵᠠᠷ᠂ ᠭᠤᠣᠯ  ᠤᠨ ᠰᠠᠶᠢᠷᠭᠠᠯ ᠤᠨ ᠲᠠᠯ᠎ᠠ ᠨᠤᠲᠤᠭ ᠥᠷᠭᠡᠨ ᠠᠭᠤᠳᠠᠮ᠂ ᠲᠠᠯᠠᠪᠠᠢ ᠨᠢ 100 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃ ᠳᠠᠭ᠎ᠠ ᠶᠢᠨ ᠨᠠᠭᠤᠷ ᠤᠨ ᠤᠰᠤᠨ ᠤ ᠳᠤᠯᠠᠭᠠᠨ ᠨᠢ ᠲᠣᠬᠢᠷᠠᠮᠵᠢᠲᠠᠶ᠂ ᠤᠰᠤᠨ ᠤ ᠴᠢᠨᠠᠷ ᠨᠢ ᠲᠤᠩᠭᠠᠯᠠᠭ᠂ ᠣᠳᠣ  ᠪᠠᠶᠢᠭ᠎ᠠ ᠳᠠᠭ᠎ᠠ ᠶᠢᠨ ᠲᠠᠩᠭᠢᠰ ᠲᠠᠢ ᠵᠢᠭᠠᠰᠤᠨ ᠤ ᠲᠥᠷᠥᠯ 28  ᠵᠤᠶᠢᠯ ᠪᠠᠶᠢᠵᠤ᠂ ᠡᠷᠭᠢᠨ ᠲᠣᠭᠤᠷᠢᠨ ᠤ ᠴᠢᠭᠢᠭᠯᠢᠭ ᠭᠠᠵᠠᠷ ᠨᠢ ᠨᠠᠩ ᠴᠤ ᠬᠤᠨ ᠭᠠᠯᠠᠭᠤ᠂ ᠭᠠᠯᠠᠭᠤ᠂ ᠬᠡᠭᠡᠷ᠎ᠡ ᠶᠢᠨ ᠲᠠᠬᠢᠶ᠎ᠠ᠂ ᠮᠥᠩᠭᠦᠨ ᠴᠠᠬᠤᠯᠠᠶ ᠵᠡᠷᠭᠡ ᠣᠯᠠᠨ ᠵᠤᠶᠢᠯ ᠤᠨ ᠨᠡᠭᠦᠳᠡᠯ ᠤᠨ ᠰᠢᠪᠠᠭᠤ ᠶᠢᠨ ᠣᠷᠣᠰᠢᠨ ᠠᠮᠢᠳᠤᠷᠠᠬᠤ ᠭᠠᠵᠠᠷ  ᠪᠤᠯᠵᠠᠢ᠃ ᠤᠤᠯ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ ᠪᠥᠬᠡ ᠳᠠᠭ᠎ᠠ ᠶᠢᠨ ᠨᠠᠭᠤᠷ ᠢ ︽ᠲᠠᠯ᠎ᠠ ᠨᠤᠲᠤᠭ ᠤᠨ ᠠᠷᠰᠢ ᠶᠢᠨ ᠨᠠᠭᠤᠷ︾ ᠭᠡᠵᠦ ᠮᠠᠭᠲᠠᠨ ᠰᠠᠶᠢᠰᠢᠶᠠᠪᠠ᠃
                                           ᠪᠡᠯᠡᠳᠭᠡᠭᠰᠡᠨ ᠨᠢ᠄ ᠼᠦᠢ ᠴᠢᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2