ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ PPP ᠵᠠᠭᠪᠤᠷ ᠢᠶᠠᠷ ᠨᠠᠶᠢᠳᠠᠪᠤᠷᠢᠵᠢᠭᠤᠯᠤᠭᠰᠠᠨ ᠵᠢᠭᠤᠯᠴᠢᠯᠠᠯ ᠤᠨ | ᠵᠤᠶᠢᠯᠡᠰ ᠪᠣᠯᠤᠨ᠎ᠠ᠂ 2017 ᠣᠨ ᠳᠤ ᠪᠥᠬᠦ ᠤᠯᠤᠰ ᠤᠨ ᠲᠡᠷᠢᠭᠦᠨ ᠳᠡᠰ ᠤᠨ ᠵᠢᠭᠤᠯᠴᠢᠯᠠᠯ ᠤᠨ ᠵᠤᠶᠢᠯᠡᠰ ᠤᠨ | ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠵᠤ᠂ ᠲᠥᠯᠥᠪᠵᠢᠭᠦᠯᠭᠡ ᠶᠢᠨ ᠲᠠᠯᠠᠪᠠᠢ ᠨᠢ 5 . 85 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 10 . 37 ᠳ᠋ᠦᠩᠰᠢᠭᠤᠷ | ᠲᠥᠭᠦᠷᠢᠭ ᠲᠤ ᠬᠦᠷᠴᠡᠶ᠃ 2017 ᠣᠨ ᠳᠤ ᠨᠢᠭᠡᠨᠲᠡ ᠴᠠᠰᠤᠨ ᠬᠡᠷᠡᠭᠰᠡᠯ ᠤᠨ ᠶᠡᠭᠡ ᠲᠢᠩᠬᠢᠮ ︵ᠴᠠᠰᠤᠨ ᠳᠤ | ᠭᠤᠯᠭᠤᠬᠤ ᠲᠠᠯᠠᠪᠠᠢ ᠶᠢᠨ ᠵᠣᠴᠢᠳ ᠤᠨ ᠪᠠᠭᠤᠳᠠᠯ︶᠂ ᠠᠭᠤᠯᠠᠨ ᠣᠷᠣᠢ ᠶᠢᠨ ᠤᠶᠢᠯᠡᠴᠢᠯᠡᠭᠡᠨ ᠤ ᠶᠡᠭᠡ ᠲᠢᠩᠬᠢᠮ᠂ | ᠲᠥᠳᠡ ᠪᠠᠭᠤᠳᠠᠯ᠂ ᠲᠡᠷᠭᠡᠨ ᠵᠣᠭᠰᠣᠭᠠᠯ᠂ 12 ᠴᠠᠰᠤᠨ ᠵᠠᠮ᠂ 3 ᠳᠡᠭᠦᠵᠢᠩ ᠵᠠᠮ᠂ 1 ᠭᠠᠵᠠᠷ U ᠬᠡᠯᠪᠡᠷᠢ ᠶᠢᠨ | ᠨᠠᠭᠤᠷ᠂ 4 ᠰᠢᠳᠢᠲᠦ ᠬᠡᠪᠢᠰ᠂ ᠵᠢᠭᠠᠨ ᠰᠤᠷᠭᠠᠯᠲᠠ ᠶᠢᠨ ᠲᠣᠭᠤᠷᠢᠭ᠂ ᠵᠤᠭ᠎ᠠ ᠴᠡᠩᠭᠡᠯ ᠤᠨ ᠲᠣᠭᠤᠷᠢᠭ᠂ | ᠬᠡᠭᠡᠷ᠎ᠡ ᠶᠢᠨ ᠴᠠᠰᠤᠨ ᠳᠤ ᠭᠤᠯᠭᠤᠬᠤ ᠪᠠ ᠡᠪᠦᠯ ᠤᠨ ᠤᠯᠠᠷᠢᠯ ᠤᠨ ᠬᠤᠶᠠᠷ ᠵᠤᠶᠢᠯ ᠤᠨ ᠤᠷᠤᠯᠳᠤᠭᠠᠨ ᠤ | ᠲᠠᠯᠠᠪᠤᠷ ᠢ ᠪᠠᠶᠢᠭᠤᠯᠪᠠ᠃ ᠲᠤᠰ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠳᠡ ᠨᠢ ᠬᠥᠬᠡᠬᠤᠲᠠ ᠪᠤᠭᠤᠲᠤ | ᠣᠷᠳᠣᠰ᠂ ᠤᠯᠠᠭᠠᠨᠴᠠᠪ ᠳ᠋ᠠᠲ᠋ᠦ᠋ᠩ ᠴᠢᠭᠤᠯᠤᠯᠳᠦ ᠬᠠᠭᠠᠯᠭ᠎ᠠ ᠣᠷᠣᠨ ᠤ ᠵᠤᠭᠠᠴᠠᠭᠰᠠᠳ ᠢ ᠲᠠᠲᠠᠵᠤ ᠪᠣᠯᠬᠤ ᠪᠥᠭᠡᠳ | ᠪᠡᠭᠡᠵᠢᠩ ᠲᠢᠶᠠᠨᠵᠢᠨ ᠱᠠᠨ ᠰᠢ ᠾᠧᠪᠧᠢ ᠶᠢᠨ ᠵᠠᠬ᠎ᠠ ᠳᠡᠯᠭᠡᠭᠦᠷ ᠢ ᠨᠥᠯᠥᠭᠡᠯᠡᠵᠦ᠂ ᠵᠢᠱᠢᠯᠲᠡ ᠪᠠᠷ ᠵᠢᠯ ᠪᠦᠷᠢ 25 | ᠲᠦᠮᠡᠨ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠨ᠎ᠠ᠃ | ᠳᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢ ᠪᠠᠶᠢᠭᠤᠯᠵᠤ | ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠴᠠᠰᠤᠨ ᠳᠡᠭᠡᠷᠡᠬᠢ ᠤᠷᠤᠯᠳᠤᠭᠠᠨ ᠤ ᠲᠥᠷᠥᠯ ᠵᠦᠢᠯ᠂ 2018 ᠣᠨ ᠤ ᠠᠩᠬᠠᠳᠤᠭᠠᠷ ᠬᠤᠭᠤᠴᠠᠭᠠᠨ ᠤ ︽ᠨᠢᠭᠡ | ᠪᠦᠰᠡ ᠨᠢᠭᠡ ᠵᠠᠮ︾ ᠤᠨ ᠤᠯᠠᠭᠠᠨᠴᠠᠪ ᠤᠨ ᠮᠥᠰᠥ ᠴᠠᠰᠤᠨ ᠤ ᠤᠯᠠᠷᠢᠯ ᠤᠨ ᠠᠷᠠᠳ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ︽ ᠴᠠᠰᠤᠨ ᠳᠠᠬᠢ ᠲᠤᠶᠢᠯᠰᠢᠷᠠᠯ︾ ᠤᠨ ᠤᠯᠠᠨ ᠤᠯᠤᠰ ᠤᠨ ᠬᠤᠳᠠ ᠨᠦᠭᠦᠳ ᠤᠨ | ᠥᠷᠢᠰᠦᠯᠳᠦᠬᠦ ᠤᠷᠤᠯᠳᠤᠭᠠᠨ᠂ C C T V 5 ᠪᠡᠶ᠎ᠡ ᠶᠢᠨ ᠲᠠᠮᠢᠷ ᠤᠨ ᠴᠠᠭᠠᠨ ᠰᠠᠷ᠎ᠠ ᠶᠢᠨ ᠦᠳᠡᠰᠢᠯᠡᠭᠡ ᠶᠢ | ᠰᠡᠭᠦᠳᠡᠷᠯᠡᠬᠦ ᠵᠡᠷᠭᠡ ᠤᠷᠤᠯᠳᠤᠭᠠᠨ ᠪᠠ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠪᠡ᠃ | | | | | | | | | | | | | | | | | |