ᠡᠾᠦ᠋ᠢ ᠰᠢᠶᠠᠩ ᠰᠧ  ᠭᠡᠶᠢᠳ ᠤᠨ ᠰᠣᠶᠣᠯ ᠢ ᠪᠡᠶᠡᠴᠢᠯᠡᠨ ᠣᠶᠢᠯᠠᠭᠠᠬᠤ  ᠲᠤᠭᠤᠷᠢᠭ
ᠨᠡᠶᠢᠲᠡᠯᠡᠭᠰᠡᠨ ᠴᠠᠭ᠄
2019-07-16
      ᠡᠾᠦ᠋ᠢ ᠰᠢᠶᠠᠩ ᠰᠧ ᠭᠡᠶᠢᠳ ᠤᠨ ᠰᠣᠶᠣᠯ ᠢ ᠪᠡᠶᠡᠴᠢᠯᠡᠨ ᠣᠶᠢᠯᠠᠭᠠᠬᠤ  ᠲᠤᠭᠤᠷᠢᠭ ᠤᠨ ᠶᠡᠷᠦᠩᠬᠡᠢ ᠲᠠᠯᠠᠪᠠᠢ ᠨᠢ 100 ᠭᠠᠷᠤᠢ ᠮᠦ ᠪᠠᠶᠢᠵᠤ᠂ ᠡᠮᠦᠨᠡᠰᠢ ᠤᠮᠠᠷᠠᠰᠢ 280  ᠮᠧᠲᠷ ᠤᠷᠳᠤ᠂ ᠵᠡᠭᠦᠨᠰᠢ ᠪᠠᠷᠠᠭᠤᠨᠰᠢ 235  ᠮᠧᠲᠷ ᠥᠷᠭᠡᠨ ᠪᠠᠶᠢᠵᠤ᠂ ᠭᠤᠷᠪᠠᠳᠤᠭᠠᠷ ᠲᠡᠰ ᠤᠨ ᠲᠠᠪᠴᠠᠩ ᠢᠶᠠᠷ ᠪᠦᠷᠢᠯᠳᠦᠵᠦ᠂ ᠨᠢᠭᠡᠨᠲᠡ ᠠᠮᠢ ᠠᠬᠤᠢ ᠶᠢᠨ ᠲᠡᠷᠭᠡᠨ ᠵᠣᠭᠰᠣᠭᠠᠯ᠂ ᠦᠵᠡᠮᠵᠢ ᠶᠢᠨ ᠣᠷᠣᠨ ᠤ ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ᠂ ᠵᠤᠭᠠᠴᠠᠯ ᠤᠨ ᠵᠣᠷᠯᠣᠩ᠂ ᠸᠠᠩ ᠹᠦᠸᠧ ᠭᠧ ᠲᠠᠭᠲᠤ ᠂ ᠠᠮᠠᠷᠠᠬᠤ ᠲᠠᠭᠲᠤ ᠂ ᠪᠡᠶ᠎ᠡ ᠰᠤᠪᠢᠯᠠᠬᠤ ᠮᠠᠴᠠᠭ ᠲᠠᠩᠬᠢᠮ᠂ ᠬᠥᠳᠡᠯᠭᠡᠭᠡᠨ ᠤ ᠲᠠᠯᠠᠪᠠᠢ᠂ ᠲᠠᠪᠤᠳᠤᠭᠠᠷ ᠳᠦᠷᠢ ᠶᠢᠨ ᠳᠠᠯᠠᠢ ᠯᠠᠮᠠ ᠶᠢᠨ ᠢᠵᠢ ᠰᠡᠶᠢᠯᠦᠮᠡᠯ᠂ ᠦᠨᠳᠦᠰᠦᠲᠡᠨ ᠤ ᠪᠦᠯᠬᠦᠮᠳᠡᠯ ᠤᠨ ᠲᠣᠮᠣ ᠬᠦᠯᠢᠰ᠂ ᠣᠷᠬᠢᠴᠠ ᠲᠢᠩᠬᠢᠮ ᠵᠡᠷᠭᠡ ᠶᠢ  ᠪᠠᠶᠢᠭᠤᠯᠵᠠᠢ᠃ ᠭᠤᠷᠪᠠᠳᠤᠭᠠᠷ ᠲᠡᠰ ᠤᠨ ᠲᠠᠪᠴᠠᠩ ᠤᠮᠠᠷᠠᠲᠤ ᠣᠷᠣᠨ ᠳᠤ ᠯᠦᠩ ᠬᠤᠸᠠ ᠰᠠᠨ ᠡᠾᠦ᠋ᠢ ᠰᠧ  ᠭᠡᠶᠢᠳ ᠤᠨ ᠭᠤᠣᠯ ᠡᠭᠦᠳᠡ ᠪᠣᠯᠬᠤ ᠲᠢᠶᠠᠨ ᠸᠠᠩ ᠳ᠋ᠢᠶᠠᠨ ᠬᠠᠷᠰᠢ ᠪᠠᠶᠢᠵᠤ᠂ ᠲᠢᠶᠠᠨ ᠸᠠᠩ ᠳ᠋ᠢᠶᠠᠨ ᠬᠠᠷᠰᠢ ᠶᠢᠨ ᠵᠡᠭᠦᠨ ᠪᠠᠷᠠᠭᠤᠨ ᠬᠤᠶᠠᠷ ᠲᠠᠯ᠎ᠠ ᠪᠠᠷ ᠲᠤᠰ ᠲᠤᠰ ᠴᠠᠭ  ᠤᠨ ᠠᠰᠠᠷ ᠪᠠ ᠬᠡᠩᠭᠡᠷᠭᠡ ᠶᠢᠨ ᠲᠠᠭᠲᠤ  ᠪᠠᠶᠢᠭᠤᠯᠵᠤ᠂ ᠥᠷᠯᠥᠭᠡ ᠶᠢᠨ ᠬᠤᠩᠬᠤ ᠦᠳᠡᠰᠢ ᠶᠢᠨ ᠬᠡᠩᠭᠡᠷᠭᠡ ᠭᠡᠰᠡᠨ ᠤᠳᠬ᠎ᠠ ᠲᠠᠢ᠃ ᠲᠤᠰ ᠰᠣᠶᠣᠯ ᠤᠨ ᠪᠡᠶᠡᠴᠢᠯᠡᠨ ᠣᠶᠢᠯᠠᠭᠠᠬᠤ  ᠲᠤᠭᠤᠷᠢᠭ ᠨᠢ ᠨᠢᠭᠡᠨᠲᠡ ᠬᠥᠮᠦᠰ ᠤᠨ ᠮᠥᠷᠭᠦᠯ ᠬᠢᠬᠦ᠂ ᠪᠢᠰᠢᠯᠭᠠᠯ ᠬᠢᠬᠦ᠂ ᠳᠠᠭᠠᠳᠬᠠᠬᠤ ᠵᠡᠷᠭᠡ ᠪᠤᠷᠬᠠᠨ ᠱᠠᠰᠢᠨ ᠤ ᠠᠵᠢᠯᠯᠠᠭ᠎ᠠ ᠶᠢᠨ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2