2019 ᠣᠨ  ᠤ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠨᠳᠦ ᠬᠥᠩᠭᠡᠨ‌‍ᠪᠡᠶ᠎ᠡ ᠶᠢᠨ ᠲᠠᠮᠢᠷ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2019-07-16
  6 ᠰᠠᠷ᠎ᠠ ᠶᠢᠨ 14 ᠤ ᠡᠳᠦᠷ᠂ 3 ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠮᠠᠨ ᠤ ᠰᠢᠶᠠᠨ ᠤ 2019 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠨᠳᠦ ᠬᠥᠩᠭᠡᠨ  ᠪᠡᠶ᠎ᠡ ᠶᠢᠨ ᠲᠠᠮᠢᠷ ᠤᠨ  ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠴᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠪᠥᠬᠦ ᠲᠠᠮᠢᠷᠴᠢᠨ᠂ ᠬᠢᠨᠠᠭᠴᠢ᠂ ᠳᠠᠰᠬᠠᠯᠵᠢᠭᠤᠯᠤᠭᠴᠢ ᠲᠡᠭᠦᠰᠬᠦ ᠶᠣᠰᠣᠯᠠᠯ ᠳᠤ ᠣᠷᠣᠯᠴᠠᠪᠠ᠃
       ᠲᠤᠰ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ  ᠲᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠡᠯᠡᠳᠬᠡᠯ ᠭᠦᠢᠴᠡᠳ᠂ ᠵᠣᠬᠢᠶᠠᠨ  ᠪᠠᠶᠢᠭᠤᠯᠤᠯᠳᠡ ᠨᠠᠷᠢᠨ ᠨᠢᠭᠲᠠ᠂ ᠡᠮᠬᠢ ᠵᠢᠷᠤᠮ ᠲᠠᠢ ᠪᠠᠶᠢᠵᠤ᠂ ᠲᠠᠮᠢᠷᠴᠢᠳ ᠤᠨ  ᠤᠷᠤᠯᠳᠤᠭᠠᠨ ᠳᠤ ᠬᠡᠪ ᠨᠠᠮᠪᠠ ᠭᠠᠷᠭᠠᠵᠤ᠂  ᠤᠷᠤᠯᠳᠤᠭᠠᠨ ᠳᠤ ᠬᠢᠷᠢ ᠬᠡᠮᠵᠢᠶ᠎ᠡ ᠭᠠᠷᠭᠠᠵᠤ᠂ ᠮᠠᠨ ᠤ ᠰᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯ᠎ᠠ ᠪᠠᠷ ᠣᠯᠤᠭᠰᠠᠨ  ᠲᠤᠪᠤᠶᠢᠮ᠎ᠠ ᠠᠮᠵᠢᠯᠲᠠ ᠪᠦᠲᠦᠮᠵᠢ ᠶᠢ ᠭᠦᠢᠴᠡᠳ ᠬᠠᠷᠠᠭᠤᠯᠵᠤ᠂ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠢᠳᠡᠪᠬᠢᠲᠡᠶ ᠳᠠᠪᠰᠢᠬᠤ᠂ ᠪᠠᠶᠠᠰᠤᠩᠭᠤᠶ ᠳᠠᠪᠰᠢᠬᠤ᠂ ᠡᠷᠡᠯᠬᠡᠭᠯᠡᠨ ᠲᠡᠮᠡᠴᠡᠬᠦ ᠵᠠᠯᠠᠭᠤ ᠨᠠᠰᠤᠨ ᠤ ᠴᠤᠭ ᠵᠢᠪᠬᠤᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠵᠣᠷᠢᠭᠲᠠᠶ ᠪᠠᠷ ᠥᠷᠢᠰᠦᠯᠳᠦᠬᠦ᠂ ᠰᠢᠷᠭᠠᠭᠤ ᠬᠠᠲᠠᠭᠤᠵᠢᠯᠲᠠᠶ ᠲᠡᠮᠡᠴᠡᠬᠦ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠠᠶᠢᠨ᠎ᠠ᠃
        ᠲᠡᠭᠦᠰᠬᠦ ᠶᠣᠰᠣᠯᠠᠯ ᠳᠡᠭᠡᠷ᠎ᠡ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ  ᠲᠤᠭᠤᠶᠢᠯᠠᠩ ᠤᠨ ᠶᠡᠷᠦᠩᠬᠡᠶ ᠬᠤᠪᠢ ᠶᠢᠨ ᠲᠥᠷᠥᠬᠦᠦ ᠭᠤᠷᠪᠠᠨ ᠨᠡᠷᠡᠰ᠂ ᠪᠠᠭ᠎ᠠ ᠰᠤᠷᠭᠠᠭᠤᠯᠢ ᠶᠢᠨ  ᠲᠤᠭᠤᠶᠢᠯᠠᠩ ᠤᠨ ᠲᠥᠷᠥᠬᠦᠦ ᠵᠢᠷᠭᠤᠭᠠᠨ ᠨᠡᠷᠡᠰ ᠪᠠ ᠶᠣᠰᠣ ᠮᠣᠷᠠᠯ ᠬᠡᠪ ᠰᠤᠷᠲᠠᠯ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠂ ᠬᠠᠮᠲᠤ ᠶᠢᠨ ᠪᠡᠶ᠎ᠡ ᠶᠢᠨ ᠲᠠᠮᠢᠷ ᠤᠨ ᠲᠣᠭᠯᠠᠯᠲᠠ ᠶᠢᠨ ᠱᠠᠩᠨᠠᠯ ᠣᠯᠤᠭᠰᠠᠨ ᠰᠤᠷᠭᠠᠭᠤᠯᠢ ᠳᠤ ᠱᠠᠩᠨᠠᠯ  ᠤᠨ ᠬᠤᠨᠳᠠᠭ᠎ᠠ ᠪᠠ ᠱᠠᠩᠨᠠᠯ ᠤᠨ ᠪᠢᠴᠢᠭ  ᠤᠯᠭᠤᠪᠠ᠃  ︵ᠰᠤᠷᠪᠤᠯᠵᠢᠯᠠᠭᠴᠢ᠄ ᠯᠢ ᡁᠢ ᠵᠢᠶᠦ᠋ᠨ︶
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2