ᠰᠦᠶ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ
ᠨᠡᠶᠢᠲᠡᠯᠡᠭᠰᠡᠨ ᠴᠠᠭ᠄
2019-07-17
    ᠰᠦᠶ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ  ᠪᠣᠯ 2011 ᠣᠨ ᠳᠤ ᠤᠯᠤᠰ ᠠᠴᠠ  ᠲᠣᠭᠲᠠᠭᠠᠭᠰᠠᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠪᠣᠯᠤᠨ᠎ᠠ᠂ ᠲᠤᠰ ᠲᠠᠯᠠᠪᠤᠷ ᠣᠷᠳᠣᠨ ᠨᠢ ᠭᠤᠣᠯᠳᠠᠭᠤ ᠥᠪᠥᠷ ᠮᠣᠩᠭᠤᠯ ᠤᠨ ᠬᠢᠯᠢ ᠳᠣᠲᠣᠷ᠎ᠠ ᠡᠭᠦᠰᠦᠭᠰᠡᠨ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ ᠠᠵᠢᠯᠯᠠᠭ᠎ᠠ᠂ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠡᠷᠲᠡ ᠦᠶ᠎ᠡ ᠶᠢᠨ ᠰᠦᠢ ᠮᠧᠩ ᠤᠨ ᠬᠤᠪᠢᠰᠬᠠᠯᠲᠤ ᠠᠵᠢᠯᠯᠠᠭ᠎ᠠ᠂ ᠶᠠᠫᠣᠨ ᠢ ᠡᠰᠡᠷᠭᠦᠴᠡᠬᠦ  ᠲᠠᠶᠢᠨ ᠤ ᠦᠶ᠎ᠡ ᠶᠢᠨ  ᠰᠦᠢ ᠮᠧᠩ ᠤᠨ ᠬᠤᠪᠢᠰᠬᠠᠯᠲᠤ ᠠᠵᠢᠯᠯᠠᠭ᠎ᠠ᠂ ᠴᠢᠯᠥᠭᠡᠯᠡᠬᠦ  ᠲᠠᠶᠢᠨ ᠤ ᠦᠶ᠎ᠡ ᠶᠢᠨ  ᠰᠦᠢ ᠮᠧᠩ ᠤᠨ ᠬᠤᠪᠢᠰᠬᠠᠯᠲᠤ ᠠᠵᠢᠯᠯᠠᠭ᠎ᠠ ᠵᠢᠴᠢ ᠤᠯᠠᠭᠠᠨᠴᠠᠪ ᠤᠨ ᠬᠤᠪᠢᠰᠬᠠᠯ ᠤᠨ ᠲᠡᠤᠬᠡ᠂ ᠯᠢᠶᠠᠩᠴᠧᠩ ᠤᠨ ᠬᠤᠪᠢᠰᠬᠠᠯ ᠤᠨ ᠲᠡᠤᠬᠡ ᠶᠢ ᠲᠡᠮᠳᠡᠭᠯᠡᠵᠡᠶ᠃ ᠮᠥᠨ ᠴᠦ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠪᠦᠯᠬᠦᠮᠳᠡᠨ ᠨᠢᠭᠡᠳᠴᠦ ᠡᠵᠡᠷᠬᠡᠭ  ᠲᠦᠷᠢᠮᠡᠬᠡᠶᠢᠳᠡᠨ ᠪᠠ ᠹᠧᠣᠳᠠᠯ ᠢ ᠡᠰᠡᠷᠭᠦᠴᠡᠬᠦ᠂ ᠬᠠᠮᠲᠤ ᠪᠠᠷ ᠶᠠᠫᠣᠨ ᠢ ᠡᠰᠡᠷᠭᠦᠴᠡᠬᠦ᠂ ᠴᠢᠯᠥᠭᠡᠯᠡᠯᠲᠡ ᠪᠠᠨ ᠣᠯᠵᠤ ᠬᠤᠪᠢᠰᠬᠠᠯ ᠤᠨ ᠢᠯᠠᠯᠲᠠ ᠶᠢ ᠲᠡᠮᠡᠴᠡᠨ ᠣᠯᠤᠭᠰᠠᠨ ᠤ ᠲᠡᠤᠬᠡᠨ ᠭᠡᠷᠡᠴᠢ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ  ᠤᠨ ᠭᠠᠭᠴᠠ  ᠰᠦᠢ ᠮᠧᠩ ᠤᠨ ᠬᠤᠪᠢᠰᠬᠠᠯ ᠤᠨ ᠲᠡᠤᠬᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠭᠰᠡᠨ ᠶᠡᠷᠦᠩᠬᠡᠶᠢᠯᠡᠭᠰᠡᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠮᠥᠨ᠃
 
 
             ᠲᠤᠰ ᠳᠤᠷᠠᠰᠬᠠᠯ  ᠤᠨ  ᠬᠦᠷᠢᠶᠡᠯᠡᠩ 400 ᠮᠤ᠋ ᠭᠠᠵᠠᠷ ᠡᠵᠡᠯᠡᠨ᠂ ᠨᠡᠶᠢᠲᠡ 4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠶᠠᠳᠤᠭᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠪᠠ᠃ ᠣᠳᠣᠬᠠᠨ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠳᠤᠷᠠᠰᠬᠠᠯ  ᠤᠨ ᠣᠷᠳᠣᠨ᠂ ᠠᠭᠤᠳᠠᠮ ᠲᠠᠯᠠᠪᠠᠢ᠂ ᠭᠤᠤᠯ ᠰᠡᠳᠦᠪᠲᠦ ᠱᠤᠭᠤᠮᠠᠯ᠂ ᠪᠣᠳᠠᠲᠤ ᠦᠵᠡᠮᠵᠢ ᠶᠢ ᠰᠡᠷᠭᠦᠭᠡᠬᠦ ᠲᠦᠮᠡᠳ ᠤᠨ ᠲᠡᠭᠡᠳᠦ ᠵᠡᠷᠭᠡ ᠶᠢᠨ ᠪᠠᠭ᠎ᠠ ᠰᠤᠷᠭᠠᠭᠤᠯᠢ᠂ ᠵᠢᠭᠤᠯᠴᠢᠳ ᠤᠨ  ᠤᠶᠢᠯᠡᠴᠢᠯᠡᠭᠡᠨ ᠤ ᠲᠥᠪ᠂ ᠬᠤᠭᠤᠯᠠᠨ ᠭᠡᠷ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ  ᠪᠠᠶᠢᠭᠤᠯᠵᠤ᠂ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠶᠢᠯ ᠤᠨ ᠲᠥᠯᠥᠭᠡᠯᠡᠬᠦ ᠴᠢᠨᠠᠷᠲᠠᠶ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢᠲᠦ ᠣᠷᠣᠨ ᠪᠠ ᠡᠬᠡ ᠣᠷᠣᠨᠴᠢ ᠦᠵᠡᠯ ᠎ ᠤᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ  ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2