ᠰᠦᠶ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠣᠯ 2011 ᠣᠨ ᠳᠤ ᠤᠯᠤᠰ ᠠᠴᠠ | ᠲᠣᠭᠲᠠᠭᠠᠭᠰᠠᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠪᠣᠯᠤᠨ᠎ᠠ᠂ | ᠲᠤᠰ ᠲᠠᠯᠠᠪᠤᠷ ᠣᠷᠳᠣᠨ ᠨᠢ ᠭᠤᠣᠯᠳᠠᠭᠤ ᠥᠪᠥᠷ ᠮᠣᠩᠭᠤᠯ ᠤᠨ ᠬᠢᠯᠢ ᠳᠣᠲᠣᠷ᠎ᠠ ᠡᠭᠦᠰᠦᠭᠰᠡᠨ ᠴᠠᠭᠠᠭᠴᠢᠨ ᠭᠠᠭ᠋ᠠᠶ | ᠵᠢᠯ ᠤᠨ ᠬᠤᠪᠢᠰᠬᠠᠯ ᠤᠨ ᠠᠵᠢᠯᠯᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠲᠡ ᠦᠶ᠎ᠡ ᠶᠢᠨ ᠰᠦᠢ | ᠮᠧᠩ ᠤᠨ ᠬᠤᠪᠢᠰᠬᠠᠯᠲᠤ ᠠᠵᠢᠯᠯᠠᠭ᠎ᠠ᠂ ᠶᠠᠫᠣᠨ ᠢ ᠡᠰᠡᠷᠭᠦᠴᠡᠬᠦ ᠲᠠᠶᠢᠨ ᠤ ᠦᠶ᠎ᠡ ᠶᠢᠨ ᠰᠦᠢ ᠮᠧᠩ ᠤᠨ | ᠬᠤᠪᠢᠰᠬᠠᠯᠲᠤ ᠠᠵᠢᠯᠯᠠᠭ᠎ᠠ᠂ ᠴᠢᠯᠥᠭᠡᠯᠡᠬᠦ ᠲᠠᠶᠢᠨ ᠤ ᠦᠶ᠎ᠡ ᠶᠢᠨ ᠰᠦᠢ ᠮᠧᠩ ᠤᠨ ᠬᠤᠪᠢᠰᠬᠠᠯᠲᠤ ᠠᠵᠢᠯᠯᠠᠭ᠎ᠠ | ᠵᠢᠴᠢ ᠤᠯᠠᠭᠠᠨᠴᠠᠪ ᠤᠨ ᠬᠤᠪᠢᠰᠬᠠᠯ ᠤᠨ ᠲᠡᠤᠬᠡ᠂ ᠯᠢᠶᠠᠩᠴᠧᠩ ᠤᠨ ᠬᠤᠪᠢᠰᠬᠠᠯ ᠤᠨ ᠲᠡᠤᠬᠡ ᠶᠢ ᠲᠡᠮᠳᠡᠭᠯᠡᠵᠡᠶ᠃ | ᠮᠥᠨ ᠴᠦ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠪᠦᠯᠬᠦᠮᠳᠡᠨ ᠨᠢᠭᠡᠳᠴᠦ ᠡᠵᠡᠷᠬᠡᠭ | ᠲᠦᠷᠢᠮᠡᠬᠡᠶᠢᠳᠡᠨ ᠪᠠ ᠹᠧᠣᠳᠠᠯ ᠢ ᠡᠰᠡᠷᠭᠦᠴᠡᠬᠦ᠂ ᠬᠠᠮᠲᠤ ᠪᠠᠷ ᠶᠠᠫᠣᠨ ᠢ ᠡᠰᠡᠷᠭᠦᠴᠡᠬᠦ᠂ ᠴᠢᠯᠥᠭᠡᠯᠡᠯᠲᠡ ᠪᠠᠨ ᠣᠯᠵᠤ | ᠬᠤᠪᠢᠰᠬᠠᠯ ᠤᠨ ᠢᠯᠠᠯᠲᠠ ᠶᠢ ᠲᠡᠮᠡᠴᠡᠨ ᠣᠯᠤᠭᠰᠠᠨ ᠤ ᠲᠡᠤᠬᠡᠨ ᠭᠡᠷᠡᠴᠢ ᠮᠥᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠦᠢ ᠮᠧᠩ ᠤᠨ ᠬᠤᠪᠢᠰᠬᠠᠯ ᠤᠨ ᠲᠡᠤᠬᠡ ᠶᠢ ᠪᠥᠬᠦ | ᠲᠠᠯ᠎ᠠ ᠪᠠᠷ ᠳᠡᠯᠭᠡᠨ ᠦᠵᠡᠭᠦᠯᠦᠭᠰᠡᠨ ᠶᠡᠷᠦᠩᠬᠡᠶᠢᠯᠡᠭᠰᠡᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠮᠥᠨ᠃ | | | | | | | ᠲᠤᠰ ᠳᠤᠷᠠᠰᠬᠠᠯ ᠤᠨ ᠬᠦᠷᠢᠶᠡᠯᠡᠩ 400 ᠮᠤ᠋ ᠭᠠᠵᠠᠷ ᠡᠵᠡᠯᠡᠨ᠂ ᠨᠡᠶᠢᠲᠡ 4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠬᠤᠶᠠᠳᠤᠭᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠪᠠ᠃ | ᠣᠳᠣᠬᠠᠨ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠳᠤᠷᠠᠰᠬᠠᠯ ᠤᠨ ᠣᠷᠳᠣᠨ᠂ ᠠᠭᠤᠳᠠᠮ | ᠲᠠᠯᠠᠪᠠᠢ᠂ ᠭᠤᠤᠯ ᠰᠡᠳᠦᠪᠲᠦ ᠱᠤᠭᠤᠮᠠᠯ᠂ ᠪᠣᠳᠠᠲᠤ ᠦᠵᠡᠮᠵᠢ ᠶᠢ ᠰᠡᠷᠭᠦᠭᠡᠬᠦ ᠲᠦᠮᠡᠳ ᠤᠨ ᠲᠡᠭᠡᠳᠦ ᠵᠡᠷᠭᠡ ᠶᠢᠨ | ᠪᠠᠭ᠎ᠠ ᠰᠤᠷᠭᠠᠭᠤᠯᠢ᠂ ᠵᠢᠭᠤᠯᠴᠢᠳ ᠤᠨ ᠤᠶᠢᠯᠡᠴᠢᠯᠡᠭᠡᠨ ᠤ ᠲᠥᠪ᠂ ᠬᠤᠭᠤᠯᠠᠨ ᠭᠡᠷ ᠵᠡᠷᠭᠡ ᠢᠵᠢ ᠪᠦᠷᠢᠳᠦᠭᠦᠯᠬᠦ | ᠪᠡᠯᠡᠳᠬᠡᠮᠵᠢ ᠶᠢ ᠪᠠᠶᠢᠭᠤᠯᠵᠤ᠂ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠶᠢᠯ ᠤᠨ | ᠲᠥᠯᠥᠭᠡᠯᠡᠬᠦ ᠴᠢᠨᠠᠷᠲᠠᠶ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢᠲᠦ ᠣᠷᠣᠨ ᠪᠠ ᠡᠬᠡ ᠣᠷᠣᠨᠴᠢ | ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ |