ᠤᠷᠤᠭ ᠤᠨ ᠪᠠᠳᠤᠯᠠᠪᠤᠷᠢ
ᠨᠡᠶᠢᠲᠡᠯᠡᠭᠰᠡᠨ ᠴᠠᠭ᠄
2019-07-17
ᠲᠣᠭᠲᠠᠭᠠᠬᠤ ᠦᠨᠳᠦᠰᠦᠯᠡᠯ᠂ ᠭᠤᠶᠤᠴᠢᠯᠠᠬᠤ ᠨᠥᠬᠦᠴᠡᠯ ᠪᠠ ᠮᠠᠲ᠋ᠧᠷᠢᠶᠠᠯ ᠲᠣᠭᠲᠠᠭᠠᠬᠤ ᠦᠨᠳᠦᠰᠦᠯᠡᠯ᠄ ︽ ᠪᠦᠬᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ  ᠤᠨ ᠤᠷᠤᠭ ᠤᠨ ᠬᠠᠤᠯᠢ︾᠂ ︽ᠣᠷᠤᠭ ᠳᠠᠩᠰᠠᠯᠠᠭᠤᠯᠬᠤ ᠳᠦᠷᠢᠮ︾ ᠭᠤᠶᠤᠴᠢᠯᠠᠬᠤ ᠨᠥᠬᠦᠴᠡᠯ᠄ 1. ᠲᠤᠬᠠᠶᠢᠲᠠᠶ ᠬᠥᠮᠦᠨ ᠤ ᠡᠷᠦᠬᠡ ᠠᠮᠠ ᠶᠢᠨ ᠨᠢᠭᠡ ᠲᠠᠯ᠎ᠠ ᠪᠤᠶᠤ ᠬᠤᠶᠠᠷ ᠲᠠᠯ᠎ᠠ ᠪᠠᠷ ᠢᠶᠠᠨ ᠲᠤᠬᠠᠶ ᠶᠢᠨ ᠭᠠᠵᠠᠷ ᠲᠤ ᠪᠠᠶᠢᠬᠤ ᠬᠡᠷᠡᠭᠲᠡᠶ  ᠃2. ᠡᠷᠡᠭᠲᠡᠶ ᠲᠠᠯ᠎ᠠ ᠶᠢᠨ ᠬᠢᠨ ᠪᠦᠬᠦᠯᠢ 22 ᠨᠠᠰᠤ ᠬᠦᠷᠴᠦ᠂ ᠡᠮᠡᠭᠲᠡᠶ ᠲᠠᠯ᠎ᠠ ᠶᠢᠨ ᠬᠢᠨ ᠪᠦᠬᠦᠯᠢ 20 ᠨᠠᠰᠤ  ᠬᠦᠷᠦᠭᠰᠡᠨ ᠪᠠᠶᠢᠬᠤ ᠬᠡᠷᠡᠭᠳᠡᠢ ︵ᠥᠪᠥᠷ ᠮᠣᠩᠭᠤᠯ ᠤᠨ ᠡᠷᠦᠬᠡ ᠠᠮᠠ ᠶᠢᠨ ᠳᠠᠩᠰᠠ ᠲᠠᠢ ᠴᠥᠭᠡᠨ ᠲᠣᠭᠠᠲᠤ ᠦᠨᠳᠦᠰᠦᠲᠡᠨ 2 ᠨᠠᠰᠤ ᠬᠠᠰᠤᠭᠳᠠᠨ᠎ᠠ︶  ᠃3. ᠲᠤᠬᠠᠶ ᠶᠢᠨ ᠬᠥᠮᠦᠨ ᠤ ᠤᠷᠤᠭ ᠤᠨ  ᠪᠠᠶᠢᠳᠠᠯ ᠪᠣᠯ ᠤᠷᠤᠭᠯᠠᠭᠠᠳᠤᠶ᠂ ᠣᠷᠤᠭ ᠰᠠᠯᠤᠭᠰᠠᠨ᠂ ᠬᠠᠨᠢ ᠨᠥᠬᠦᠷ ᠨᠢ ᠨᠠᠰᠤ ᠪᠠᠷᠠᠭᠰᠠᠨ ᠶᠠᠪᠤᠳᠠᠯ ᠪᠣᠯᠤᠨ᠎ᠠ  ᠃4. ᠲᠤᠬᠠᠶ ᠶᠢᠨ ᠬᠥᠮᠦᠨ ᠤ ᠬᠤᠶᠠᠷ ᠲᠠᠯ᠎ᠠ ᠪᠠᠷ ᠢᠶᠠᠨ ᠳᠠᠩᠰᠠᠯᠠᠬᠤ ᠪᠠᠶᠢᠭᠤᠯᠤᠯᠭ᠎ᠠ ᠳᠤ ᠪᠡᠶ᠎ᠡ ᠪᠠᠷ ᠢᠶᠠᠨ ᠣᠴᠢᠬᠤ ᠬᠡᠷᠡᠭᠲᠡᠶ  ᠃5. ᠬᠤᠶᠠᠷ ᠲᠠᠯ᠎ᠠ ᠪᠠᠷ ᠢᠶᠠᠨ ᠡᠮᠨᠡᠯᠭᠡ ᠶᠢᠨ ᠤᠬᠠᠭᠠᠨ ᠳᠤ ᠤᠷᠤᠭᠯᠠᠵᠤ ᠪᠣᠯᠬᠤ ᠦᠭᠡᠢ ᠭᠡᠵᠦ ᠦᠵᠡᠭᠰᠡᠨ ᠡᠪᠡᠳᠴᠢᠨ ᠳᠤ ᠨᠡᠷᠪᠡᠭᠳᠡᠭᠰᠡᠨ ᠦᠭᠡᠢ ᠪᠠᠶᠢᠬᠤ ᠬᠡᠷᠡᠭᠳᠡᠢ᠃6. ᠴᠢᠰᠤᠨ ᠲᠥᠷᠥᠯ ᠤᠨ ᠬᠠᠷᠢᠴᠠᠭ᠎ᠠ ᠥᠬᠡᠶ᠃ ᠭᠤᠶᠤᠴᠢᠯᠠᠬᠤ ᠮᠠᠲ᠋ᠧᠷᠢᠶᠠᠯ᠄ 1. ᠬᠤᠶᠠᠷ ᠲᠠᠯ᠎ᠠ ᠵᠢᠨ‌ᠡᠷᠦᠬᠡ ᠠᠮᠠ ᠶᠢᠨ ᠲᠡᠪᠳᠡᠷ᠂ ᠪᠡᠶ᠎ᠡ ᠶᠢᠨ ᠦᠨᠡᠮᠯᠡᠯ ᠤᠨ ᠤᠭ ᠪᠢᠴᠢᠭ ᠪᠠ ᠡᠷᠦᠬᠡ ᠠᠮᠠ ᠶᠢᠨ ᠪᠡᠶ᠎ᠡ ᠶᠢᠨ ᠦᠨᠡᠮᠯᠡᠯ ᠢ ᠨᠢᠭᠡ ᠬᠠᠭᠤᠳᠠᠰᠤ a 4 ᠴᠠᠭᠠᠰᠤᠨ ᠳᠡᠭᠡᠷ᠎ᠡ ᠳᠠᠷᠤᠮᠠᠯᠯᠠᠭᠰᠠᠨ ᠬᠠᠭᠤᠯᠪᠤᠷᠢ   ᠲᠠᠢ᠃2.  ᠤᠶᠢᠷ᠎ᠠ ᠶᠢᠨ ᠬᠤᠭᠤᠴᠠᠭᠠᠨ ᠤ ᠬᠤᠶᠠᠷ ᠢᠮᠠᠬᠤ ᠶᠢᠨ ᠠᠳᠠᠯᠢ ᠬᠡᠪᠯᠡᠯ ᠤᠨ ᠮᠠᠯᠠᠭᠠᠶ ᠦᠭᠡᠢ ᠭᠤᠷᠪᠠᠨ ᠭᠡᠷᠡᠯ ᠵᠢᠷᠤᠭ   ᠲᠠᠢ ︵ᠨᠡᠶᠢᠯᠡᠮᠡᠯ᠂  ᠵᠤᠶᠢᠵᠦ ᠵᠠᠯᠭᠠᠬᠤ᠂ ᠬᠠᠭᠤᠯᠪᠤᠷᠢᠯᠠᠨ ᠰᠡᠭᠦᠳᠡᠷᠯᠡᠬᠦ︶  ᠃3. ᠡᠷᠦᠬᠡ ᠠᠮᠠ ᠶᠢᠨ ᠳᠠᠩᠰᠠ ᠲᠠᠢ ᠤᠷᠤᠭ ᠤᠨ  ᠪᠠᠶᠢᠳᠠᠯ ᠨᠢ ᠨᠢᠭᠡᠨᠲᠡ ᠤᠷᠤᠭᠯᠠᠭᠰᠠᠨ ᠪᠤᠶᠤ ᠬᠤᠯᠪᠣᠰᠤ ᠲᠠᠢ  ᠪᠠᠶᠢᠪᠠᠯ ᠣᠷᠤᠭ ᠰᠠᠯᠤᠭᠰᠠᠨ ᠪᠤᠶᠤ ᠬᠠᠨᠢ ᠨᠥᠬᠦᠷ ᠨᠢ ᠨᠠᠰᠤ ᠪᠠᠷᠠᠭᠰᠠᠨ ᠭᠡᠷᠡᠴᠢ ᠲᠤᠰᠢᠶᠠᠬᠤ ᠬᠡᠷᠡᠭᠲᠡᠶ᠃ 4. ᠴᠡᠷᠢᠭ  ᠤᠨ ᠬᠥᠮᠦᠨ ᠤ ᠦᠨᠡᠮᠯᠡᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠬᠤᠷᠢᠶᠠᠨ ᠤ ᠳᠡᠰ ᠠᠴᠠ ᠳᠡᠭᠡᠭᠰᠢᠬᠢ ᠤᠯᠤᠰ ᠲᠥᠷᠥ ᠶᠢᠨ ᠪᠠᠶᠢᠭᠤᠯᠤᠯᠭ᠎ᠠ ᠶᠢᠨ ᠭᠠᠷᠭᠠᠭᠰᠠᠨ ᠤᠷᠤᠭ ᠤᠨ  ᠪᠠᠶᠢᠳᠠᠯ ᠤᠨ ᠭᠡᠷᠡᠴᠢ ᠪᠢᠴᠢᠭ ᠢ ᠲᠤᠰᠢᠶᠠᠬᠤ ᠬᠡᠷᠡᠭᠲᠡᠶ᠃ ᠭᠠᠵᠠᠷ ᠣᠷᠣᠨ ᠪᠠ ᠴᠠᠭ ᠬᠤᠭᠤᠴᠠᠭ᠎ᠠ᠂  ᠬᠦᠢᠴᠡᠳᠭᠡᠬᠦ ᠶᠠᠪᠤᠴᠠ᠄ ᠬᠦᠢᠴᠡᠳᠭᠡᠬᠦ  ᠭᠠᠵᠠᠷ᠄ ᠯᠢᠶᠠᠩᠴᠧᠩ ᠰᠢᠶᠠᠨ ᠤ ᠬᠤᠩ ᠮᠤᠤ ᠪᠠᠯᠭᠠᠰᠤ ᠶᠢᠨ ᠵᠠᠰᠠᠭ  ᠤᠨ ᠶᠠᠪᠤᠳᠠᠯ ᠤᠨ ᠶᠡᠭᠡ ᠲᠢᠩᠬᠢᠮ  ᠤᠨ ᠨᠢᠭᠡᠳᠦᠭᠡᠷ ᠳᠠᠪᠬᠤᠷᠭ᠎ᠠ ᠶᠢᠨ ᠵᠡᠭᠦᠨ ᠶᠡᠭᠡ ᠲᠢᠩᠬᠢᠮ  ᠤᠨ ᠣᠷᠤᠭ ᠳᠠᠩᠰᠠᠯᠠᠬᠤ ᠭᠠᠵᠠᠷ ᠬᠦᠢᠴᠡᠳᠭᠡᠬᠦ  ᠴᠠᠭ᠄ ᠦᠳᠡ ᠡᠮᠦᠨᠡᠬᠢ 8᠄ 30 — 12᠄ 00︔ ᠦᠳᠡ ᠬᠤᠶᠢᠨ᠎ᠠ 2᠄ 30 — 5᠄ 30 ︵ᠪᠠᠶᠠᠷ ᠳᠤᠷᠠᠰᠬᠠᠯ  ᠠᠮᠠᠷᠠᠯᠳᠡ ᠶᠢᠨ ᠡᠳᠦᠷ ᠠᠴᠠ ᠭᠠᠳᠠᠨ᠎ᠠ︶ ᠬᠠᠷᠢᠯᠴᠠᠬᠤ ᠤᠲᠠᠰᠤ᠄ 0474 — 4201031 ᠬᠦᠢᠴᠡᠳᠭᠡᠬᠦ  ᠶᠠᠪᠤᠴᠠ᠄ 1᠂ ᠲᠤᠬᠠᠢ ᠶᠢᠨ ᠬᠥᠮᠥᠨ ᠮᠠᠲ᠋ᠧᠷᠢᠶᠠᠯ ᠪᠡᠯᠡᠳᠬᠡᠬᠦ 2. ᠲᠤᠬᠠᠶᠢᠲᠠᠶ ᠬᠥᠮᠦᠨ  ᠦᠪᠡᠰᠦᠪᠡᠨ ᠲᠠᠩᠰᠠᠯᠠᠬᠤ ᠪᠠᠶᠢᠭᠤᠯᠤᠯᠭ᠎ᠠ ᠳᠤ ᠬᠦᠷᠴᠦ ᠭᠤᠶᠤᠴᠢᠯᠠᠯᠲᠠ ᠳᠤᠷᠠᠳᠤᠨ᠎ᠠ  ᠃3. ᠳᠠᠩᠰᠠᠯᠠᠬᠤ ᠪᠠᠶᠢᠭᠤᠯᠭ᠎ᠠ ᠲᠤᠬᠠᠢ ᠶᠢᠨ ᠬᠥᠮᠦᠨ ᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ  ᠃4. ᠳᠠᠩᠰᠠᠯᠠᠬᠤ ᠪᠠᠶᠢᠭᠤᠯᠭ᠎ᠠ ᠲᠤᠬᠠᠶ ᠶᠢᠨ ᠬᠥᠮᠦᠨ ᠤ ᠬᠠᠩᠭᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠭᠰᠡᠨ  ᠪᠠᠶᠢᠪᠠᠯ ᠲᠡᠷᠡ ᠳᠠᠷᠤᠶ ᠳᠤᠨᠢ  ᠭᠦᠢᠴᠡᠳᠭᠡᠵᠦ ᠳᠠᠭᠤᠰᠬᠠᠨ᠎ᠠ  ᠃ᠴᠠᠭ  ᠤᠨ ᠬᠢᠵᠠᠭᠠᠷ ᠤᠨ ᠲᠣᠳᠣᠷᠬᠠᠶᠢᠯᠠᠯᠲᠠ᠄ ᠨᠥᠬᠦᠴᠡᠯ ᠳᠤ ᠨᠡᠶᠢᠴᠡᠪᠡᠯ ᠲᠡᠷᠡ ᠳᠠᠷᠤᠶ ᠳᠤᠨᠢ  ᠭᠦᠢᠴᠡᠳᠭᠡᠵᠦ ᠳᠠᠭᠤᠰᠬᠠᠨ᠎ᠠ︔ ᠰᠤᠶᠢᠳᠭᠡᠯ ᠬᠤᠷᠢᠶᠠᠬᠤ ᠪᠠᠷᠢᠮᠵᠢᠶ᠎ᠠ᠄  ᠰᠤᠶᠢᠳᠭᠡᠯ ᠬᠤᠷᠢᠶᠠᠬᠤ ᠦᠭᠡᠢ ᠬᠦᠯᠢᠶᠡᠨ ᠠᠪᠴᠤ  ᠰᠢᠢᠳᠪᠤᠷᠢᠯᠡᠬᠦ ᠰᠠᠯᠠᠭ᠎ᠠ ᠮᠥᠴᠢᠷ᠄ ᠠᠷᠠᠳ ᠤᠨ ᠶᠠᠪᠤᠳᠠᠯ ᠤᠨ ᠲᠣᠪᠴᠢᠶ᠎ᠠ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2