ᠮᠠᠨ ᠤ ᠰᠢᠶᠠᠨ ︽ᠬᠡᠤᠬᠡᠳ ᠤᠨ ᠪᠠᠶᠠᠰᠬᠤᠯᠠᠩᠲᠤ ᠭᠡᠷ ᠣᠷᠣᠨ︾  ᠤ  ᠫᠠᠶᠢᠰᠠ‌‍ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020-01-10
  1ᠰᠠᠷ᠎ᠠ ᠶᠢᠨ 8 ᠤ ᠡᠳᠦᠷ᠂ ᠰᠢᠶᠠᠨ ᠤ  ᠡᠮᠡᠭᠳᠠᠶᠢᠴᠦᠳ ᠤᠨ ᠬᠤᠯᠪᠣᠭ᠎ᠠ ᠦᠨᠳᠦᠰᠦᠲᠡᠨ ᠤ ᠪᠠᠭ᠎ᠠ ᠰᠤᠷᠭᠠᠭᠤᠯᠢ ᠳᠤ ︽ᠬᠡᠤᠬᠡᠳ ᠤᠨ ᠪᠠᠶᠠᠰᠬᠤᠯᠠᠩᠲᠤ ᠭᠡᠷ ᠣᠷᠣᠨ︾ ᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
    ᠱᠢ ᠼᠦᠢ ᠴᠢᠨ ᠫᠠᠶᠢᠰᠠ ᠰᠡᠬᠦᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ ︽ᠬᠡᠤᠬᠡᠳ ᠤᠨ  ᠪᠠᠶᠠᠰᠬᠤᠯᠠᠩᠲᠤ ᠭᠡᠷ ᠣᠷᠣᠨ︾ ᠤ ᠬᠠᠯᠠᠮᠵᠢᠯᠠᠨ ᠬᠠᠶᠢᠷᠠᠯᠠᠬᠤ  ᠤᠶᠢᠯᠡᠴᠢᠯᠡᠭᠡᠨ  ᠤ  ᠤᠶᠢᠯᠡᠳᠦᠯ ᠢ ᠭᠦᠢᠴᠡᠳ ᠪᠠᠳᠠᠷᠠᠭᠤᠯᠵᠤ᠂ ︽ᠬᠡᠤᠬᠡᠳ ᠤᠨ ᠪᠠᠶᠠᠷ ᠪᠠᠶᠠᠰᠬᠤᠯᠠᠩᠲᠤ ᠭᠡᠷ ᠣᠷᠣᠨ︾ ᠳᠤ ᠣᠯᠠᠨ  ᠵᠤᠶᠢᠯ ᠤᠨ ᠬᠠᠯᠠᠮᠵᠢᠯᠠᠨ ᠬᠠᠶᠢᠷᠠᠯᠠᠬᠤ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠥᠷᠨᠢᠭᠦᠯᠵᠦ᠂ ᠭᠡᠷ ᠲᠡᠭᠡᠨ ᠬᠤᠴᠣᠷᠤᠭᠰᠠᠨ ᠬᠡᠤᠬᠡᠳ ᠢ  ᠰᠠᠨᠠᠭ᠎ᠠ ᠰᠡᠳᠬᠢᠯᠭᠡ ᠶᠢᠨ ᠲᠠᠯ᠎ᠠ ᠪᠠᠷ  ᠦᠢᠳᠬᠠᠷ ᠥᠬᠡᠶ᠂ ᠠᠮᠢᠳᠤᠷᠠᠯ ᠤᠨ ᠲᠠᠯ᠎ᠠ ᠪᠠᠷ ᠳᠠᠩ ᠴᠤᠯᠭᠤᠶ  ᠪᠠᠶᠢᠬᠤ ᠥᠬᠡᠶ᠂ ᠰᠤᠷᠤᠯᠴᠠᠯᠭ᠎ᠠ ᠶᠢᠨ ᠲᠠᠯ᠎ᠠ ᠪᠠᠷ ᠡᠩᠨᠡᠭᠡ ᠠᠴᠠ ᠪᠠᠨ ᠬᠤᠴᠣᠷᠬᠤ ᠥᠬᠡᠶ ᠪᠠᠶᠢᠯᠭᠠᠵᠤ᠂ ᠲᠡᠳᠡᠨ ᠢ ᠬᠠᠪᠰᠤᠷᠤᠨ ᠪᠠᠶᠠᠰᠤᠩᠭᠤᠶ ᠥᠭᠡᠳᠡᠷᠬᠡᠭ ᠠᠮᠢᠳᠤᠷᠠᠯ ᠤᠨ ᠣᠪᠣᠷ ᠲᠠᠢ ᠪᠠᠶᠢᠯᠭᠠᠬᠤ ᠬᠡᠷᠡᠭᠲᠡᠶ᠃ ᠭᠡᠷ  ᠲᠡᠭᠡᠨ ᠬᠤᠴᠣᠷᠤᠭᠰᠠᠨ ᠬᠡᠤᠬᠡᠳ ᠤᠨ ᠵᠣᠷᠢᠭ ᠰᠠᠨᠠᠭ᠎ᠠ ᠨᠢ ᠪᠡᠶ᠎ᠡ ᠪᠠᠨ ᠳᠠᠭᠠᠭᠠᠵᠤ᠂  ᠪᠡᠶ᠎ᠡ ᠪᠠᠨ ᠪᠠᠷᠢᠵᠤ᠂ ᠬᠢᠷᠢ ᠪᠦᠲᠦᠮᠵᠢ ᠪᠠ ᠰᠢᠯᠢᠳᠡᠭ ᠰᠠᠶᠢᠨ ᠵᠠᠩ ᠮᠣᠷᠠᠯ ᠢᠶᠠᠷ ᠨᠡᠶᠢᠭᠡᠮ ᠳᠤ ᠠᠴᠢ ᠬᠠᠷᠢᠭᠤᠯᠬᠤ ᠶᠢ ᠬᠦᠰᠡᠵᠦ ᠪᠠᠶᠢᠨ᠎ᠠ  ᠭᠡᠪᠡ᠃
       
     ᠣᠶᠢᠯᠠᠭᠠᠭᠰᠠᠨ ᠢᠶᠠᠷ᠂ ︽ᠬᠡᠤᠬᠡᠳ ᠤᠨ ᠪᠠᠶᠠᠰᠬᠤᠯᠠᠩᠲᠤ ᠭᠡᠷ ᠣᠷᠣᠨ︾ ᠪᠣᠯ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠳᠤᠮᠳᠠᠳᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ  ᠠᠴᠠ ᠲᠡᠮᠡᠴᠡᠨ ᠤᠯᠤᠭᠰᠠᠨ ᠬᠠᠨᠳᠢᠪᠯᠠᠨ ᠪᠠᠶᠢᠭᠤᠯᠬᠤ  ᠲᠦᠷᠦᠯ ᠵᠤᠶᠢᠯ ᠪᠣᠯᠤᠨ᠎ᠠ᠃ ᠲᠥᠷᠥᠯ  ᠵᠤᠶᠢᠯ ᠨᠢ ᠬᠡᠤᠬᠡᠳ ᠢ ᠪᠠᠶᠠᠷ ᠬᠥᠷ ᠲᠠᠢ ᠪᠠᠷ ᠥᠰᠬᠡᠨ ᠪᠤᠶᠢᠵᠢᠭᠤᠯᠬᠤ  ᠤᠶᠢᠯᠡᠴᠢᠯᠡᠭᠡᠨ ᠤ ᠣᠶᠢᠯᠠᠭᠠᠭᠳᠠᠬᠤᠨ ᠢᠶᠠᠷ᠂ ᠭᠡᠷ ᠲᠡᠭᠡᠨ ᠬᠤᠴᠣᠷᠤᠭᠰᠠᠨ ᠨᠡᠭᠦᠳᠡᠯ ᠬᠡᠤᠬᠡᠳ ᠲᠥᠪᠯᠡᠷᠡᠭᠰᠡᠨ ᠬᠥᠳᠡᠭᠡ ᠲᠣᠰᠬᠤᠨ ᠤ ᠨᠡᠶᠢᠭᠡᠮ ᠲᠣᠭᠤᠷᠢᠭ ᠲᠤ ᠺᠣᠮᠫᠢᠦ᠋ᠲ᠋ᠧᠷ᠂ ᠲᠣᠭᠯᠠᠭᠠᠮ᠂ ᠪᠠᠭᠠᠴᠤᠳ ᠬᠡᠤᠬᠡᠳ ᠤᠨ ᠨᠣᠮ ᠪᠢᠴᠢᠭ᠂ ᠰᠣᠶᠣᠯ ᠲᠠᠮᠢᠷ ᠤᠨ ᠬᠡᠷᠡᠭᠰᠡᠯ᠂ ᠰᠤᠷᠤᠯᠭ᠎ᠠ ᠶᠢᠨ ᠬᠡᠷᠡᠭᠰᠡᠯ ᠵᠡᠷᠭᠡ ᠶᠢ ᠬᠠᠨᠳᠢᠪᠯᠠᠵᠤ᠂ ᠨᠡᠶᠢᠲᠡ 9.8 ᠲᠦᠮᠡᠨ ᠲᠥᠭᠦᠷᠢᠭ ᠤᠨ ᠥᠷᠲᠡᠭ ᠲᠠᠢ᠃
     ︽ᠬᠡᠤᠬᠡᠳ ᠤᠨ ᠪᠠᠶᠠᠰᠬᠤᠯᠠᠩᠲᠤ ᠭᠡᠷ ᠣᠷᠣᠨ︾ ᠨᠢ ︽ᠬᠡᠤᠬᠡᠳ ᠲᠤ  ᠤᠶᠢᠯᠡᠴᠢᠯᠡᠬᠦ᠂ ᠬᠡᠤᠬᠡᠳ ᠢ ᠬᠠᠯᠠᠮᠵᠢᠯᠠᠨ ᠬᠠᠶᠢᠷᠠᠯᠠᠬᠤ︾ ᠪᠠᠷ ᠭᠤᠤᠯ ᠵᠣᠷᠢᠯᠲᠠ ᠪᠣᠯᠭᠠᠵᠤ᠂ ᠠᠵᠢᠯ ᠠᠴᠠ ᠪᠠᠨ ᠠᠮᠠᠷᠠᠭᠰᠠᠨ ᠪᠠᠭᠰᠢ  ᠵᠡᠷᠭᠡ ᠡᠯ᠎ᠡ ᠠᠵᠢᠯ ᠲᠥᠷᠥᠯ ᠤᠨ ᠬᠠᠯᠠᠭᠤᠨ ᠰᠡᠳᠬᠢᠯᠲᠦ ᠬᠥᠮᠦᠰ ᠢ ᠰᠢᠩᠭᠡᠭᠡᠨ ᠠᠪᠴᠤ᠂ ᠦᠷ᠎ᠡ ᠬᠡᠤᠬᠡᠳ ᠤᠨ ᠬᠢᠴᠢᠶᠡᠯ ᠤᠨ ᠲᠠᠩᠬᠢᠮ᠂ ᠦᠷ᠎ᠡ ᠬᠡᠤᠬᠡᠳ ᠤᠨ ᠨᠣᠮ ᠤᠩᠰᠢᠬᠤ᠂ ᠬᠡᠤᠬᠡᠳ ᠤᠨ ᠥᠪᠡᠷ ᠢ ᠪᠠᠨ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠭᠤᠯᠤᠯ᠂ ᠰᠡᠳᠬᠢᠴᠡ ᠶᠢᠨ ᠵᠢᠯᠣᠭᠤᠳᠣᠯᠭ᠎ᠠ ᠪᠠ ᠯᠠᠪᠯᠠᠭ᠎ᠠ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ  ᠤᠶᠢᠯᠡᠴᠢᠯᠡᠭᠡ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ᠂ ᠡᠵᠢ ᠨᠢ ᠬᠤᠤᠰᠯᠠᠵᠤ ᠬᠠᠪᠰᠤᠷᠤᠨ ᠲᠡᠳᠬᠦᠬᠦ ᠵᠡᠷᠭᠡ ᠣᠯᠠᠨ  ᠵᠤᠶᠢᠯ ᠤᠨ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ  ᠪᠠᠶᠢᠭᠤᠯᠤᠨ ᠥᠷᠨᠢᠭᠦᠯᠵᠦ᠂ ᠨᠠᠩ ᠣᠯᠠᠨ ᠭᠡᠷ ᠲᠡᠭᠡᠨ ᠬᠤᠴᠣᠷᠤᠭᠰᠠᠨ ᠨᠡᠭᠦᠳᠡᠯ ᠬᠡᠤᠬᠡᠳ ᠢ ᠠᠳᠡ ᠮᠡᠳᠡᠯᠭᠡ ᠰᠤᠷᠤᠯᠴᠠᠭᠤᠯᠵᠤ᠂ ᠬᠠᠷᠠᠭ᠎ᠠ ᠪᠠᠨ ᠥᠷᠭᠡᠳᠬᠡᠵᠦ᠂ ᠪᠠᠶᠠᠷ ᠬᠥᠷ ᠲᠠᠢ ᠪᠠᠷ ᠦᠰᠦᠨ ᠪᠤᠶᠢᠵᠢᠭᠤᠯᠪᠠ᠃ ︵ᠰᠤᠷᠪᠤᠯᠵᠢᠯᠠᠭᠴᠢ ᠱᠠᠩ ᠶᠦᠨ ᠰᠢᠶᠠ︶                                                                                                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                      ᠤᠷᠴᠢᠭᠤᠯᠤᠭᠴᠢ᠄ ᠼᠦᠢ ᠴᠢᠩ                                      ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2