ᠯᠢᠶᠠᠩᠴᠧᠩ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2020-01-02
      ᠯᠢᠶᠠᠩᠴᠧᠩ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠴᠢᠩ ᠯᠢᠨ ᠵᠠᠮ ᠳᠤ ᠪᠣᠶ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ︽ᠠᠷᠠᠳ ᠲᠤ ᠳᠥᠭᠦᠮ ᠦᠵᠡᠭᠦᠯᠬᠦ᠂ ᠥᠨᠳᠥᠷ ᠦᠷ᠎ᠡ ᠪᠦᠲᠦᠮᠵᠢᠲᠡᠶ᠂ ᠵᠢᠷᠤᠮᠵᠢᠯ ᠲᠠᠢ᠂ ᠠᠷᠢᠭᠤᠨ ᠴᠢᠬᠡᠴᠢ︾ ᠪᠠᠶᠢᠬᠤ ᠤᠶᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠨ᠎ᠠ᠃ ᠭᠤᠤᠯ ᠡᠭᠦᠷᠭᠡ ᠴᠢᠳᠠᠪᠤᠷᠢ ᠨᠢ᠄ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠡᠭᠡ  ᠲᠢᠩᠭᠢᠮ ᠪᠠᠶᠢᠭᠤᠯᠵᠤ᠂ ᠤᠶᠢᠯᠡᠴᠢᠯᠡᠭᠡᠨ ᠤ ᠲᠠᠪᠴᠠᠩ ᠬᠠᠩᠭᠠᠵᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠤᠶᠢᠯᠡᠰ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ  ᠤᠶᠢᠯᠡᠴᠢᠯᠡᠭᠡ ᠳᠤ ᠲᠥᠪᠯᠡᠷᠡᠭᠦᠯᠦᠨ ᠠᠵᠢᠯᠯᠠᠬᠤ ᠶᠢ ᠬᠡᠷᠡᠭᠵᠢᠭᠦᠯᠵᠦ᠂ ᠪᠠᠶᠢᠭᠠᠯᠢ ᠬᠥᠮᠦᠨ ᠪᠠ ᠬᠠᠤᠯᠢ ᠶᠢᠨ ᠡᠷᠬᠡᠲᠡᠨ ᠵᠢᠴᠢ ᠡᠯ᠎ᠡ ᠵᠣᠬᠢᠶᠠᠨ  ᠪᠠᠶᠢᠭᠤᠯᠤᠯᠳᠡ ᠳᠤ ︽ᠨᠢᠭᠡ ᠥᠷᠲᠡᠭᠡ ᠮᠠᠶ᠋ᠢᠭ︾᠎ ᠤᠨ  ᠤᠶᠢᠯᠡᠴᠢᠯᠡᠭᠡ ᠬᠠᠩᠭᠠᠨ᠎ᠠ︔ ᠣᠷᠣᠵᠤ ᠰᠠᠭᠤᠬᠤ ᠨᠢᠭᠡᠴᠡ ᠶᠢᠨ ᠢᠯᠠ ᠲᠣᠳᠣ᠂ ᠡᠷᠬᠡ ᠲᠡᠭᠰᠢ᠂ ᠲᠥᠪ ᠭᠤᠤᠯᠴᠢ ᠪᠠᠷ ᠬᠡᠷᠡᠭ ᠡᠷᠬᠢᠯᠡᠬᠦ᠂ ᠡᠮᠬᠢ ᠳᠢᠭᠯᠢᠮ ᠲᠠᠢ᠂ ᠥᠨᠳᠥᠷ ᠦᠷ᠎ᠡ ᠪᠦᠲᠦᠮᠵᠢᠲᠡᠶ ᠠᠵᠢᠯᠯᠠᠵᠤ᠂ ᠴᠢᠨᠠᠷ ᠰᠠᠶᠢᠲᠠᠶ᠂ ᠠᠷᠢᠭᠤᠨ ᠴᠢᠬᠡᠴᠢ ᠤᠶᠢᠯᠡᠴᠢᠯᠡᠭᠡ ᠬᠠᠩᠭᠠᠬᠤ ᠶᠢ ᠵᠣᠬᠢᠴᠠᠭᠤᠯᠬᠤ ᠪᠠ ᠬᠢᠨᠠᠯᠲᠠ ᠲᠠᠯᠪᠢᠨ᠎ᠠ︔ ᠡᠯ᠎ᠡ ᠵᠤᠶᠢᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠵᠢᠴᠢ ᠠᠷᠠᠳ ᠲᠤ ᠳᠥᠭᠦᠮ ᠦᠵᠡᠭᠦᠯᠬᠦ ᠪᠠ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠤᠬᠠᠭᠤᠯᠬᠤ ᠪᠠ ᠰᠢᠮᠳᠠᠭᠤᠯᠵᠤ᠂ ᠬᠤᠯᠪᠣᠭᠳᠠᠯ ᠪᠦᠬᠦᠢ ᠵᠠᠭᠠᠯᠳᠤᠯᠭ᠎ᠠ ᠶᠢ ᠬᠦᠯᠢᠶᠡᠨ ᠠᠪᠴᠤ  ᠰᠢᠢᠳᠪᠤᠷᠢᠯᠡᠨ᠎ᠡ᠃                                 ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2