ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020-01-02
    ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠬᠤᠩ ᠮᠤᠤ ᠪᠠᠯᠭᠠᠰᠤᠨ ᠤ ᠰᠠᠨ ᠾᠧ ᠵᠠᠮ ᠤᠨ ᠴᠢᠩ ᠯᠢᠨ ᠵᠡᠭᠡᠯᠢ ᠳᠤ ᠪᠠᠶᠢᠷᠢᠯᠠᠵᠤ᠂ ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ  ᠤᠶᠢᠯᠡᠴᠢᠯᠡᠭᠡᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠪᠣᠯᠤᠨ᠎ᠠ᠃      ᠪᠦᠬᠦ ᠲᠠᠯ᠎ᠠ ᠳᠤ ᠨᠡᠶᠢᠲᠡ 172 ᠠᠵᠢᠯᠲᠠᠨ ᠠᠵᠢᠯᠴᠢᠨ ᠪᠣᠶ᠂ ᠡᠭᠦᠨ ᠳᠤ 85 ᠨᠠᠮ ᠤᠨ ᠭᠡᠰᠢᠭᠦᠨ ᠪᠣᠶ᠂ ᠶᠡᠷᠦᠩᠬᠡᠶ ᠡᠭᠦᠷ ᠤᠨ ᠳᠣᠤᠷ᠎ᠠ ᠨᠢ 7 ᠨᠠᠮ ᠤᠨ ᠡᠭᠦᠷ ᠬᠠᠷᠢᠶᠠᠯᠠᠵᠤ᠂ ᠲᠣᠰ ᠲᠣᠰ ᠪᠠᠶᠢᠭᠤᠯᠤᠯᠭ᠎ᠠ ᠶᠢᠨ ᠨᠠᠮ ᠤᠨ ᠡᠭᠦᠷ᠂ ᠤᠰᠤᠨ ᠬᠤᠭᠤᠯᠠᠶ ᠶᠢᠨ ᠥᠷᠲᠡᠭᠡ ᠶᠢᠨ ᠨᠠᠮ ᠤᠨ ᠡᠭᠦᠷ᠂ ᠤᠰᠤᠨ ᠠᠰᠢᠭᠯᠠᠯᠲᠠ ᠶᠢᠨ ᠠᠵᠢᠯ ‍ᠤᠨ‌ᠠᠩᠭᠢ ᠶᠢᠨ ᠨᠠᠮ ᠤᠨ ᠡᠭᠦᠷ᠂ ᠤᠰᠤᠨ ᠬᠠᠮᠠᠭᠠᠯᠠᠯᠲᠠ ᠶᠢᠨ ᠥᠷᠲᠡᠭᠡ ᠶᠢᠨ ᠨᠠᠮ ᠤᠨ ᠡᠭᠦᠷ᠂ ᠲᠤᠷᠰᠢᠯᠲᠠ ᠶᠢᠨ ᠥᠷᠲᠡᠭᠡ ᠶᠢᠨ ᠨᠠᠮ ᠤᠨ ᠡᠭᠦᠷ᠂ ᠱᠤᠸᠠᠩ ᠬᠥ᠋ ᠴᠧᠩ ᠴᠥᠭᠦᠷᠥᠮ ᠤᠨ ᠨᠠᠮ ᠤᠨ ᠡᠭᠦᠷ᠂ ᠠᠬᠠᠮᠠᠳ ᠺᠠᠳ᠋ᠷ ᠤᠨ ᠨᠠᠮ ᠤᠨ ᠡᠭᠦᠷ ᠪᠣᠯᠤᠨ᠎ᠠ᠃ ᠳᠣᠤᠷ᠎ᠠ ᠨᠢ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠶᠡᠭᠡ ᠠᠩᠭᠢ᠂ ᠤᠰᠤᠨ ᠠᠰᠢᠭᠯᠠᠯᠲᠠ ᠶᠢᠨ ᠬᠠᠰᠢᠯᠭ᠎ᠠ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠎ ᠤᠨ ᠥᠷᠲᠡᠭᠡ᠂ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠥᠷᠲᠡᠭᠡ᠂ ᠬᠥᠷᠥᠰᠥ ᠰᠢᠷᠣᠶ ᠶᠢ ᠬᠠᠮᠠᠭᠠᠯᠠᠬᠤ ᠲᠤᠷᠰᠢᠯᠲᠠ ᠶᠢᠨ ᠥᠷᠲᠡᠭᠡ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ᠂ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠥᠷᠲᠡᠭᠡ᠂ ᠤᠰᠤᠨ ᠠᠰᠢᠭᠯᠠᠯᠲᠠ ᠶᠢᠨ ᠬᠤᠳᠳᠤᠭ ᠮᠠᠯᠲᠠᠬᠤ ᠠᠩᠭᠢ ᠵᠡᠷᠭᠡ 15 ᠬᠤᠶᠠᠳᠤᠭᠠᠷ ᠲᠡᠰ ᠤᠨ ᠨᠢᠭᠡᠴᠡ ᠪᠠᠶᠢᠭᠤᠯᠪᠠ︔ 7 ᠰᠠᠭᠤᠷᠢ ᠤᠰᠤᠨ ᠴᠥᠭᠦᠷᠥᠮ ᠨᠢ ᠲᠣᠰ ᠲᠣᠰ ᠱᠤᠸᠠᠩ ᠬᠥ᠋ ᠴᠧᠩ᠂ ᠱᠢ ᠮᠧᠨ ᠽᠢ᠂ ᠪᠢᠶᠠᠨ ᠹᠧᠩ᠂ ᠶᠦᠩ ᠰᠢᠩ᠂ ᠭᠦᠩ ᠪᠠ ᠾᠧ᠂ ᠱᠢ ᠶᠣᠣ ᠭᠸᠦ᠂ ᠡᠮᠦᠨ᠎ᠡ ᠭᠡᠷ ᠲᠤ ᠪᠠᠶᠢᠷᠢᠯᠠᠵᠤ ᠪᠣᠶ᠃      ᠭᠤᠤᠯᠳᠠᠭᠤ ᠮᠠᠨ ᠤ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠬᠥᠷᠥᠰᠥ ᠰᠢᠷᠣᠶ ᠶᠢ ᠬᠠᠮᠠᠭᠠᠯᠠᠬᠤ᠂ ᠬᠥᠮᠦᠨ ᠮᠠᠯ ᠤᠨ ᠤᠤᠭᠤᠬᠤ ᠤᠰᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠵᠡᠷᠭᠡ ᠠᠵᠢᠯ ᠢ ᠡᠷᠬᠢᠯᠡᠨ ᠬᠢᠨ᠎ᠡ᠃                                                    ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2