ᠯᠢᠶᠠᠩᠴᠧᠩ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020-01-02
     ᠯᠢᠶᠠᠩᠴᠧᠩ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2019᠎ ᠤᠨ 3 ᠰᠠᠷ᠎ᠠ ᠳᠤ ᠪᠠᠶᠢᠭᠤᠯᠤᠭᠳᠠᠵᠤ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠰᠠᠯᠠᠭᠠᠨ ᠤ ᠲᠡᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠡᠭᠦᠨ ᠳᠤ ᠲᠣᠪᠴᠢᠶᠠᠨ ᠳᠠᠷᠤᠭ᠎ᠠ᠂ ᠳᠡᠳ᠋ ᠲᠣᠪᠴᠢᠶᠠᠨ ᠳᠠᠷᠤᠭ᠎ᠠ ᠲᠣᠰ ᠪᠦᠷᠢ 1 ᠬᠥᠮᠦᠨ ᠲᠣᠬᠢᠷᠠᠭᠤᠯᠵᠤ᠂ ᠳᠣᠤᠷ᠎ᠠ ᠨᠢ ᠠᠯᠪᠠᠨ ᠭᠡᠷ᠂ ᠲᠥᠪᠬᠢᠨᠡᠭᠦᠯᠦᠨ ᠠᠵᠢᠯ ᠣᠯᠭᠤᠬᠤ ᠰᠲ᠋ᠣᠺ᠂ ᠠᠰᠠᠷᠠᠨ ᠬᠠᠷᠠᠭᠠᠯᠵᠠᠬᠤ ᠲᠠᠰᠤᠭ ᠵᠡᠷᠭᠡ 3 ᠳᠣᠲᠣᠭᠠᠳᠤ ᠪᠠᠶᠢᠭᠤᠯᠤᠮᠵᠢ ᠪᠠᠶᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠯᠢᠶᠠᠩᠴᠧᠩ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠤᠶᠢᠯᠡᠴᠢᠯᠡᠭᠡᠨ ᠤ ᠲᠥᠪ ᠲᠤ ᠬᠠᠷᠢᠶᠠᠯᠠᠭᠳᠠᠨ᠎ᠠ᠃ ᠠᠵᠢᠯᠯᠠᠬᠤ ᠭᠠᠵᠠᠷ ᠢ ᠶᠠᠳᠠᠭᠤ ᠶᠢ ᠲᠡᠳᠬᠦᠬᠦ ᠠᠯᠪᠠᠨ ᠭᠡᠷ ᠤᠨ ᠶᠡᠷᠦᠩᠬᠡᠶᠢᠯᠡᠭᠰᠡᠨ ᠠᠰᠠᠷ ᠤᠨ 4 ᠳ᠋ᠦᠭᠡᠷ ᠳᠠᠪᠬᠤᠷ ᠲᠤ ᠪᠠᠶᠢᠷᠢᠯᠠᠭᠤᠯᠵᠤ᠂ ᠣᠳᠣᠬᠠᠨ ᠳᠤ 7 ᠡᠩ ᠤᠨ ᠠᠵᠢᠯᠲᠠᠨ ᠲᠠᠢ᠃ ᠪᠣᠳᠠᠲᠠᠶ ᠠᠵᠢᠯ ᠨᠢ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠦ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠰᠢᠪᠠᠳᠠᠵᠤ ᠪᠠᠶᠢᠭᠠᠳ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ  ᠵᠤᠶᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ  ᠨᠠᠶᠢᠳᠠᠪᠤᠷᠢᠵᠢᠭᠤᠯᠬᠤ᠂ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠬᠠᠶ ᠠᠵᠢᠯ ᠤᠨ ᠴᠢᠭᠯᠡᠯᠲᠡ ᠲᠥᠷᠦ ᠶᠢᠨ ᠪᠣᠳᠣᠯᠭ᠎ᠠ ᠪᠠ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ  ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃                                       ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2