ᠪᠦᠬᠦ  ᠰᠢᠶᠠᠨ ᠤ ᠶᠠᠳᠠᠭᠤ ᠶᠢ ᠲᠡᠳᠬᠦᠬᠦ ᠠᠵᠢᠯ  ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-01-02
    12 ᠰᠠᠷ᠎ᠠ ᠶᠢᠨ 31 ᠤ ᠡᠳᠦᠷ᠂ ᠶᠠᠳᠠᠭᠤ ᠶᠢ ᠲᠡᠳᠬᠦᠬᠦ ᠠᠵᠢᠯ  ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂  ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ ᠬᠤᠷᠠᠯ ᠢ ᠡᠷᠬᠢᠯᠡᠵᠦ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ  ᠰᠢᠶᠠᠨ ᠳᠠᠭᠠᠨ ᠪᠠᠶᠢᠭ᠎ᠠ‌ᠤᠳᠤᠷᠢᠳᠤᠯᠭ᠎ᠠ ᠬᠤᠷᠠᠯ ᠳᠤ ᠣᠷᠣᠯᠴᠠᠪᠠ᠃
       ᠸᠠᠩ ᠸᠧᠨ‌ᠵᠢᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾  ᠲᠤᠪᠤᠶᠢᠮ᠎ᠠ ᠠᠰᠠᠭᠤᠳᠠᠯ ᠢ  ᠰᠢᠢᠳᠪᠤᠷᠢᠯᠡᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠨᠠᠷᠢᠨ ᠬᠢᠨᠠᠮᠠᠭᠠᠶ ᠰᠤᠷᠤᠯᠴᠠᠵᠤ᠂ ᠶᠠᠳᠠᠭᠤ ᠶᠢ ᠲᠡᠳᠬᠦᠬᠦ ᠠᠵᠢᠯ  ᠤᠨ  ᠤᠶᠢᠯᠡᠳᠦᠯᠭᠡ ᠳᠤ ᠦᠨᠡᠨ ᠬᠦ ᠬᠡᠷᠡᠭᠯᠡᠵᠦ᠂ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠬᠡᠷᠡᠭᠲᠡᠶ᠃ 2020  ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ  ᠡᠴᠤᠰ  ᠤᠨ ᠵᠢᠯ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠬᠤ ᠳᠤ᠂ ᠴᠠᠭ ᠪᠠᠴᠢᠮ᠂ ᠡᠭᠦᠷᠭᠡ ᠬᠦᠨᠳᠦ᠂ ᠵᠠᠩᠭᠢᠯᠠᠭ᠎ᠠ ᠶᠢᠨ ᠴᠠᠭ ᠮᠥᠴᠡ ᠪᠣᠯᠬᠤ ᠳᠣᠳᠥᠮ ᠡᠷᠭᠢ ᠱᠤᠷᠠᠭ ᠢ ᠤᠯᠠᠮ ᠴᠢᠩᠭᠠᠯᠠᠵᠤ᠂ ᠡᠷᠴᠢᠯᠡᠭᠦᠷ ᠢ ᠴᠢᠩᠭᠠᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠶᠠᠳᠠᠭᠤ ᠶᠢ ᠲᠡᠳᠬᠦᠬᠦ ᠡᠯ᠎ᠡ  ᠵᠤᠶᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃     ᠸᠠᠩ ᠸᠧᠨ‌‍ᠴᠢᠬᠤᠯᠠᠴᠢᠯᠠᠭᠰᠠᠨ ᠨᠢ᠂ ᠨᠠᠷᠢᠨ ᠬᠢᠨᠠᠮᠠᠭᠠᠶ ᠳᠠᠩᠰᠠ ᠪᠣᠳᠣᠵᠤ ᠺᠠᠷᠲ ᠲᠠᠭᠯᠠᠵᠤ᠂ ︽ᠮᠠᠰᠢᠨ᠂ ᠳᠠᠩᠰᠠ᠂ ᠪᠣᠳᠠᠲᠠᠶ︾ ᠶᠢ ᠨᠢᠭᠡᠳᠦᠯᠲᠡᠶ ᠳᠤ ᠪᠣᠯᠭᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠳᠠᠩᠰᠠ ᠡᠪᠬᠡᠮᠡᠯ ᠮᠠᠲ᠋ᠧᠷᠢᠶᠠᠯ ᠢ ᠨᠥᠬᠦᠪᠥᠷᠢᠯᠡᠨ᠎ᠡ᠃ ᠡᠷᠦᠬᠡ ᠳᠤ ᠬᠦᠷᠴᠦ ᠰᠤᠷᠪᠤᠯᠵᠢᠯᠠᠨ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠶᠠᠳᠠᠭᠤ ᠬᠦᠴᠢᠷᠳᠡᠯᠲᠡᠢ ᠡᠷᠦᠬᠡ ᠳᠤ ᠭᠦᠨᠵᠡᠭᠡᠶᠢᠷᠡᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠡᠷᠦᠬᠡ ᠳᠤ ᠣᠷᠣᠬᠤ ᠮᠠᠲ᠋ᠧᠷᠢᠶᠠᠯ ᠢ ᠲᠡᠭᠦᠯᠳᠡᠷᠵᠢᠭᠦᠯᠦᠨ᠎ᠡ᠃ ᠣᠷᠣᠵᠤ ᠰᠠᠭᠤᠬᠤ ᠶᠢ ᠬᠢᠨᠠᠮᠠᠭᠠᠢ ᠬᠢᠨᠠᠨ ᠬᠠᠷᠭᠤᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠣᠨᠳᠣᠣ ᠭᠠᠵᠠᠷ ᠨᠡᠭᠦᠳᠡᠯ ᠠᠷᠠᠳ ᠢ ᠣᠷᠣᠵᠤ ᠰᠠᠭᠤᠬᠤ  ᠪᠠᠶᠢᠳᠠᠯ ᠢ ᠬᠢᠨᠠᠨ ᠬᠠᠷᠭᠤᠭᠤᠯᠵᠤ᠂ ᠮᠥᠨ ᠬᠦ ᠨᠤᠷᠠᠬᠤ ᠠᠶᠤᠯᠲᠠᠢ ᠭᠡᠷ ᠪᠠᠶᠢᠰᠢᠩ ᠲᠤ ᠰᠠᠭᠤᠵᠤ  ᠪᠠᠶᠢᠭ᠎ᠠ ᠪᠠᠶᠢᠩᠭᠤ ᠰᠠᠭᠤᠭ᠎ᠠ ᠡᠷᠦᠬᠡ ᠲᠤ ᠪᠣᠳᠠᠲᠠᠢ ᠰᠢᠢᠳᠪᠦᠷᠢᠯᠡᠬᠦ ᠠᠷᠭ᠎ᠠ ᠭᠠᠷᠭᠠᠬᠤ ᠬᠡᠷᠡᠭᠲᠡᠢ᠃ ︽ᠳᠥᠷᠪᠡ ᠶᠢ  ᠭᠦᠢᠴᠡᠳᠭᠡᠵᠦ ᠳᠥᠷᠪᠡ ᠶᠢ ᠦᠯᠦ  ᠭᠦᠢᠴᠡᠳᠭᠡᠬᠦ︾ ᠶᠢ ᠬᠢᠨᠠᠮᠠᠭᠠᠶ ᠬᠢᠨᠠᠨ ᠪᠠᠶᠢᠴᠠᠭᠠᠵᠤ᠂ ᠡᠮᠨᠡᠨ ᠵᠠᠰᠠᠭᠠᠳ ᠦᠯᠦ ᠡᠮᠨᠡᠭᠦᠯᠦᠭᠰᠡᠨ᠂ ᠳᠠᠩᠰᠠ ᠲᠠᠶᠢᠯᠬᠤ ᠶᠣᠰᠣᠲᠠᠶ  ᠪᠠᠶᠢᠳᠠᠯ᠎ᠠ ᠦᠯᠦ ᠳᠠᠩᠰᠠᠨ ᠠᠴᠠ ᠲᠠᠶᠢᠯᠤᠭᠰᠠᠨ᠂ ᠡᠮ ᠬᠦᠷᠭᠡᠬᠦ ᠶᠣᠰᠣᠲᠠᠶ  ᠪᠠᠶᠢᠳᠠᠯ᠎ᠠ ᠦᠯᠦ ᠬᠦᠷᠭᠡᠭᠰᠡᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠳᠠᠭᠠᠳᠬᠠᠯ ᠳᠤ ᠣᠷᠣᠪᠠᠯ ᠵᠣᠬᠢᠬᠤ ᠶᠢ ᠨᠢ ᠪᠠᠶᠢᠳᠠᠯ ᠢ ᠨᠢ ᠣᠶᠢᠯᠠᠭᠠᠵᠤ ᠬᠢᠨᠠᠨ ᠪᠠᠶᠢᠴᠠᠭᠠᠵᠤ᠂ 2020 ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠬᠤᠷᠢᠶᠠᠨ ᠠᠪᠬᠤ ᠠᠵᠢᠯ ᠢ ᠰᠠᠶᠢᠲᠤᠷ ᠬᠢᠨ᠎ᠡ᠃ 2019 ᠤᠨ ᠠᠵᠤ ᠦᠢᠯᠡᠰ ᠤᠨ ᠵᠢᠯᠣᠭᠤᠳᠬᠤ ᠠᠵᠢᠯ ᠢ ᠬᠢᠨᠠᠮᠠᠭᠠᠶ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠤ  ᠤᠶᠢᠯᠡᠰ ᠢ ᠬᠥᠭᠵᠢᠭᠦᠯᠬᠦ᠂ ᠰᠢᠭᠤᠳ ᠵᠣᠯᠭᠠᠯᠳᠤᠭᠤᠯᠬᠤ᠂ ᠡᠬᠡ ᠳᠠᠩᠰᠠ ᠪᠠᠶᠢᠭᠤᠯᠬᠤ ᠵᠡᠷᠭᠡ ᠠᠵᠢᠯ ᠢ ᠰᠠᠶᠢᠲᠤᠷ  ᠬᠢᠨ᠎ᠡ᠃ ︽ᠭᠤᠷᠪᠠᠨ ᠨᠠᠷᠢᠨ ᠵᠤᠶᠢᠯᠡᠰ︾ ᠢ ᠬᠢᠨᠠᠮᠠᠭᠠᠶ ᠡᠵᠡᠮᠰᠢᠵᠦ᠂ ᠭᠤᠤᠯᠳᠠᠯᠭ᠎ᠠ ᠲᠠᠢ ᠡᠷᠦᠬᠡ ᠶᠢ ᠵᠢᠭᠰᠠᠭᠠᠨ ᠪᠠᠶᠢᠴᠠᠭᠠᠵᠤ᠂ ᠭᠤᠤᠯᠳᠠᠯᠭ᠎ᠠ ᠲᠠᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠲᠦᠷ ᠴᠠᠭ   ᠰᠢᠢᠳᠪᠤᠷᠢᠯᠡᠵᠦ ᠳᠠᠢᠯᠠᠬᠤ ᠦᠭᠡᠢ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠴᠠᠭ ᠲᠤᠬᠠᠶ ᠳᠤᠨᠢ ᠨᠥᠬᠦᠪᠥᠷᠢᠯᠡᠬᠦ ᠬᠡᠷᠡᠭᠲᠡᠶ ᠭᠡᠪᠡ᠃      ᠸᠠᠩ ᠸᠧᠨ‌‍ᠴᠢᠬᠤᠯᠠᠴᠢᠯᠠᠭᠰᠠᠨ ᠨᠢ᠂ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠦᠷᠦᠭᠦᠯᠡᠨ ᠳᠣᠷᠣᠭᠰᠢ ᠪᠠᠭᠤᠵᠤ ᠶᠠᠳᠠᠭᠤ ᠶᠢ ᠲᠡᠳᠬᠦᠬᠦ ᠠᠵᠢᠯ ᠢ ᠠᠳᠬᠤᠵᠤ᠂ ᠬᠠᠬᠢᠷ ᠬᠦᠢᠲᠡᠨ ᠵᠡᠷᠭᠡ ᠠᠰᠢᠭ ᠦᠭᠡᠢ ᠬᠦᠴᠦᠨ ᠵᠤᠶᠢᠯ ᠢ ᠢᠯᠠᠨ ᠳᠠᠪᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠠᠵᠢᠯ ᠢ ᠵᠢᠯᠣᠭᠤᠳᠴᠤ᠂ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠵᠣᠬᠢᠶᠠᠨ  ᠪᠠᠶᠢᠭᠤᠯᠤᠨ ᠬᠠᠪᠰᠤᠷᠤᠨ ᠲᠡᠳᠬᠦᠬᠦ ᠡᠷᠦᠬᠡ ᠳᠤ ᠭᠦᠨᠵᠡᠭᠡᠶᠢᠷᠡᠨ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠡᠷᠦᠬᠡ ᠳᠤ ᠬᠦᠷᠦᠭᠰᠡᠨ ᠳᠠᠩᠰᠠ ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠡᠶ᠃ ᠲᠣᠰᠬᠤᠨ ᠳᠤ ᠰᠠᠭᠤᠭ᠎ᠠ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠠᠵᠢᠯ ᠳᠤ ᠭᠠᠷᠬᠤ ᠶᠢ ᠰᠢᠯᠭᠠᠨ ᠬᠢᠨᠠᠬᠤ ᠶᠢ ᠴᠢᠩᠳᠠᠯᠠᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠯᠠᠪᠳᠠᠭᠤᠨ ᠰᠠᠭᠤᠬᠤ᠂ ᠣᠴᠦ᠋ᠢᠨ ᠰᠠᠭᠤᠬᠤ᠂ ᠰᠠᠶᠢᠲᠤᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠤ ᠶᠦᠨ ᠰᠢᠶᠠ 2020 ᠤᠨ ᠤ ᠲᠣᠰᠬᠤᠨ ᠳᠤ ᠰᠠᠭᠤᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾  ᠲᠤᠪᠤᠶᠢᠮ᠎ᠠ ᠠᠰᠠᠭᠤᠳᠠᠯ ᠢ  ᠰᠢᠢᠳᠪᠤᠷᠢᠯᠡᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠷᠦᠢ  ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠵᠠᠢ᠃                                                                               ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                       ᠤᠷᠴᠢᠭᠤᠯᠤᠭᠴᠢ᠄ ᠼᠦᠢ ᠴᠢᠩ                                       ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2