ᠯᠢᠶᠠᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2020-01-02
ᠨᠢᠭᠡ᠂ ᠦᠨᠳᠦᠰᠦᠨ ᠪᠠᠶᠢᠳᠠᠯ    ᠯᠢᠶᠠᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠱᠧᠩ ᠯᠢ ᠵᠡᠭᠡᠯᠢ ᠳᠤ ᠪᠠᠶᠢᠷᠢᠯᠠᠵᠤ ᠪᠠᠶᠢᠨ᠎ᠠ᠃ ᠠᠯᠪᠠᠨ ᠭᠡᠷ᠂ ᠲᠥᠰᠦᠪ ᠤᠨ  ᠲᠠᠰᠤᠭ᠂ ᠤᠯᠤᠰ  ᠤᠨ ᠬᠥᠮᠥᠷᠭᠡ ᠶᠢᠨ  ᠲᠠᠰᠤᠭ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠠᠰᠤᠭ᠂ ᠬᠢᠨᠠᠨ ᠲᠣᠭᠲᠠᠭᠠᠬᠤ  ᠲᠠᠰᠤᠭ᠂ ᠲᠠᠷᠢᠶᠠᠯᠠᠩ ᠡᠳ᠋ ᠤᠨ ᠵᠠᠰᠠᠭ ᠤᠨ  ᠲᠠᠰᠤᠭ᠂ ᠬᠤᠳᠠᠯᠳᠤᠨ ᠠᠪᠬᠤ  ᠲᠠᠰᠤᠭ᠂ ᠨᠡᠶᠢᠭᠡᠮ ᠤᠨ ᠪᠠᠲᠤᠯᠠᠭ᠎ᠠ ᠶᠢᠨ  ᠲᠠᠰᠤᠭ᠂ ᠶᠡᠷᠦᠩᠬᠡᠶᠢᠯᠡᠭᠰᠡᠨ ᠲᠠᠰᠤᠭ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ  ᠲᠠᠰᠤᠭ᠂ ᠨᠢᠭᠲᠠᠯᠠᠨ ᠪᠣᠳᠣᠬᠤ  ᠲᠠᠰᠤᠭ᠂ ᠠᠷᠠᠯᠵᠢᠶ᠎ᠠ ᠬᠤᠳᠠᠯᠳᠤᠭᠠᠨ ᠤ ᠲᠠᠰᠤᠭ᠂ ᠠᠵᠤ  ᠤᠶᠢᠯᠡᠳᠪᠤᠷᠢ ᠵᠠᠮ ᠬᠠᠷᠢᠯᠴᠠᠭᠠᠨ ᠤ  ᠲᠠᠰᠤᠭ᠂ ᠮᠥᠩᠭᠦᠨ  ᠭᠦᠢᠯᠭᠡᠭᠡᠨ ᠤ  ᠲᠠᠰᠤᠭ ᠵᠡᠷᠭᠡ ᠨᠡᠶᠢᠲᠡ 14 ᠲᠤᠬᠠᠶᠢᠯᠠᠭᠰᠠᠨ ᠠᠵᠢᠯ ᠤᠨ  ᠲᠠᠰᠤᠭ ᠲᠠᠢ᠂ ᠤᠳᠤ 52 ᠺᠠᠳ᠋ᠷ ᠠᠵᠢᠯᠲᠠᠨ ᠲᠠᠢ᠃ ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ   1.  ᠪᠦᠬᠦ ᠰᠢᠶᠠᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ᠂ ᠲᠥᠷᠦ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠢ ᠶᠢᠨ ᠲᠥᠷᠦ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠥᠷᠦ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠪᠦᠬᠦ ᠲᠠᠯ᠎ᠠ ᠪᠠᠷ ᠲᠡᠩᠴᠡᠭᠦᠷᠢᠰᠢᠭᠦᠯᠬᠦ ᠰᠠᠨᠠᠭᠤᠯᠭ᠎ᠠ ᠶᠢ ᠳᠤᠷᠠᠳᠤᠨ᠎ᠠ᠃ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃   2. ᠰᠢᠶᠠᠨ ᠤ ᠲᠣᠰ ᠱᠠᠲᠤᠨ ᠤ ᠡᠯ᠎ᠡ ᠵᠦᠶ᠋ᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ  ᠤᠨ ᠤ ᠲᠥᠰᠦᠪ ᠪᠠ ᠲᠥᠰᠦᠪ ᠤᠨ  ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠨᠣᠷᠮ᠎ᠠ ᠶᠢᠨ ᠵᠣᠬᠢᠶᠠᠨ ᠪᠠᠶᠢᠭᠤᠯᠤᠨ ᠲᠣᠭᠲᠠᠭᠠᠵᠤ᠂ ᠴᠣᠬᠤᠯᠠᠪᠤᠷᠢᠯᠠᠨ ᠬᠠᠷᠢᠭᠤᠯᠤᠭᠰᠠᠨ ᠰᠠᠯᠠᠭ᠎ᠠ ᠮᠥᠴᠢᠷ ︵ᠨᠢᠭᠡᠴᠡ︶ ᠤᠨ ᠤᠨ ᠲᠥᠰᠦᠪ ᠪᠣᠯᠤᠨ ᠲᠥᠰᠦᠪ ᠤᠨ  ᠭᠦᠢᠴᠡᠳᠭᠡᠯ ᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂  ᠭᠦᠢᠴᠡᠳᠭᠡᠬᠦ ᠪᠠ ᠲᠥᠰᠦᠪ ᠤᠨ  ᠭᠦᠢᠴᠡᠳᠭᠡᠯ  ᠵᠡᠷᠭᠡ ᠪᠠᠶᠢᠳᠠᠯ ᠢᠶᠠᠨ ᠮᠡᠳᠡᠭᠦᠯᠬᠦ ᠬᠡᠷᠡᠭᠲᠡᠶ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ  ᠭᠦᠢᠴᠡᠳᠭᠡᠯ  ᠢ ᠢᠯᠡ ᠪᠣᠯᠭᠠᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠵᠢᠯ ᠤᠨ ᠡᠴᠤᠰ ᠤᠨ ᠲᠠᠰᠤᠯᠤᠨ ᠪᠣᠳᠣᠬᠤ ᠶᠠᠪᠤᠳᠠᠯ ᠢ  ᠭᠦᠢᠴᠡᠳᠭᠡᠨ᠎ᠡ᠃   3. ᠲᠡᠭᠡᠳᠦ ᠱᠠᠲᠤᠨ ᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ᠂ ᠮᠥᠩᠭᠦᠨ  ᠭᠦᠢᠯᠭᠡᠭᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠵᠦᠶ᠋ᠯ ᠭᠠᠶᠢᠯᠢ ᠶᠢᠨ ᠨᠣᠷᠮ᠎ᠠ ᠶᠢᠨ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠦᠨ᠎ᠡ᠃ ᠮᠥᠩᠭᠦᠨ  ᠭᠦᠢᠯᠭᠡᠭᠡᠨ ᠤ ᠠᠵᠢᠯᠯᠠᠭᠠᠨ ᠪᠠ ᠠᠵᠢᠯ ᠲᠥᠷᠥᠯ ᠤᠨ ᠬᠥᠭᠵᠢᠯᠲᠡ ᠶᠢᠨ ᠬᠥᠳᠡᠯᠦᠯ ᠪᠠᠶᠢᠳᠠᠯ ᠢ ᠰᠤᠳᠤᠯᠤᠨ ᠵᠠᠳᠠᠯᠤᠨ᠎ᠠ᠃    4. ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠠᠵᠢᠯ ᠬᠤᠪᠢᠶᠠᠷᠢᠯᠠᠨ ᠬᠠᠷᠢᠭᠤᠴᠠᠨ᠎ᠠ᠃ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠭᠦᠢᠴᠡᠳᠭᠡᠯ ᠤᠨ ᠲᠥᠰᠦᠯ ᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ  ᠰᠤᠶᠢᠳᠭᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠲᠤᠭᠤᠷᠪᠢᠨ ᠲᠣᠭᠲᠠᠭᠠᠵᠤ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠪᠡᠯᠡ ᠮᠥᠩᠭᠦ ᠶᠢ ᠬᠠᠮᠢᠶᠠᠷᠤᠨ᠎ᠠ᠃   5. ᠤᠯᠤᠰ  ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ  ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ   ᠢ ᠵᠣᠬᠢᠶᠠᠨ ᠪᠠᠶᠢᠭᠤᠯᠤᠨ ᠲᠣᠭᠲᠠᠭᠠᠵᠤ᠂  ᠤᠯᠤᠰ  ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠤᠯᠤᠰ  ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ  ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃   6. ᠵᠠᠰᠠᠭ ᠤᠨ ᠣᠷᠳᠣᠨ ᠤ ᠤᠯᠤᠰ  ᠤᠨ ᠳᠣᠲᠣᠭᠠᠳᠤ ᠶᠢᠨ ᠥᠷᠢ  ᠦᠭᠴᠢᠭᠡ ᠬᠠᠮᠢᠶᠠᠷᠤᠯᠲᠠ ᠶᠢᠨ ᠲᠤᠬᠠᠶ ᠤᠯᠤᠰ  ᠤᠨ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃   7. ᠰᠢᠶᠠᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠰᠢᠶᠠᠨ ᠤ ᠲᠤᠰ ᠱᠠᠲᠤᠨ ᠤ ᠤᠯᠤᠰ  ᠤᠨ ᠥᠮᠴᠢᠯᠡᠯ ᠤᠨ ᠲᠤᠰᠢᠶᠠᠯ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠭᠡᠵᠦ᠂ ᠤᠯᠤᠰ  ᠤᠨ ᠥᠮᠴᠢᠯᠡᠯ ᠤᠨ ᠮᠡᠳᠡᠭᠦᠯᠦᠯᠲᠡ ᠶᠢᠨ ᠳᠦᠷᠢᠮ  ᠢ ᠪᠠᠶᠢᠭᠤᠯᠤᠨ᠎ᠠ᠃ ᠤᠯᠤᠰ ᠤᠨ ᠥᠮᠴᠢᠯᠡᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠣᠯᠤᠨ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠣᠯᠤᠨ  ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃   8. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠳᠦᠷᠢᠮ  ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    9. ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥᠯ  ᠵᠤᠶᠢᠯ ᠤᠨ ᠡᠳ᠋ ᠤᠨ ᠵᠠᠰᠠᠭ ᠤᠨ  ᠰᠠᠯᠠᠭᠠᠨ ᠤ ᠮᠦᠩᠬᠦ ᠵᠣᠭᠤᠰ ᠢ ᠬᠠᠷᠢᠭᠤᠴᠠᠨ  ᠭᠦᠢᠴᠡᠳᠭᠡᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ  ᠢ ᠲᠣᠭᠲᠠᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ  ᠵᠤᠶᠢᠯ ᠢ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠳᠦᠷᠢᠮ  ᠢ  ᠲᠣᠭᠲᠠᠭᠠᠬᠤ ᠬᠡᠷᠡᠭᠲᠡᠶ᠃    10. ᠨᠢᠭᠲᠠᠯᠠᠨ ᠪᠣᠳᠣᠬᠤ ᠠᠵᠢᠯ ᠳᠤ ᠬᠢᠨᠠᠯᠲᠠ ᠲᠠᠯᠪᠢᠵᠤ ᠵᠢᠷᠤᠮᠵᠢᠭᠤᠯᠬᠤ ᠬᠡᠷᠡᠭᠲᠡᠶ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠳᠣᠲᠣᠭᠠᠳᠤ ᠡᠵᠡᠮᠳᠡᠯ ᠤᠨ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    11. ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠳᠣᠲᠣᠭᠠᠳᠤ ᠶᠢᠨ ᠬᠢᠵᠠᠭᠠᠷᠯᠠᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠦ ᠶᠢᠨ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃   12. ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠵᠦ᠂ ᠰᠢᠶᠠᠨ ᠤ ᠲᠤᠰ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ  ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠵᠤ ᠬᠠᠮᠢᠶᠠᠷᠤᠨ᠎ᠠ᠃ ᠤᠯᠤᠰ  ᠤᠨ ᠦᠮᠴᠢᠯᠡᠯ ᠠᠵᠤ ᠠᠬᠤᠶᠢᠯᠠᠯ ᠤᠨ ᠥᠭᠡᠷᠡᠴᠢᠯᠡᠯᠲᠡ ᠪᠠ ᠳᠠᠬᠢᠨ ᠵᠣᠬᠢᠶᠠᠨ ᠪᠠᠶᠢᠭᠤᠯᠬᠤ ᠶᠢ ᠵᠢᠯᠣᠭᠤᠳᠤᠨ ᠠᠬᠢᠭᠤᠯᠤᠨ᠎ᠠ᠃   13. ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ  ᠤᠨ ᠦᠮᠴᠢᠯᠡᠯ  ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ  ᠢ ᠬᠠᠷᠢᠭᠤᠴᠠᠨ ᠲᠣᠭᠲᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ  ᠤᠨ ᠦᠮᠴᠢᠯᠡᠯ ᠡᠳ᠋ ᠬᠥᠷᠥᠩᠭᠡ ᠶᠢ ᠬᠠᠮᠢᠶᠠᠷᠤᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠯᠤᠰ  ᠤᠨ ᠦᠮᠴᠢᠯᠡᠯ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ  ᠢ ᠬᠠᠷᠢᠭᠤᠴᠠᠨ ᠲᠣᠭᠲᠠᠭᠠᠨ᠎ᠠ᠃ ᠤᠯᠤᠰ  ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠤᠨ ᠨᠡᠮᠡᠭᠳᠡᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃   14. ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠲᠣᠮᠢᠯᠠᠵᠤ ᠪᠠᠭᠤᠯᠭᠠᠬᠤ ᠪᠠ ᠬᠢᠨᠠᠨ ᠰᠢᠯᠭᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠪᠦᠷᠢᠨ ᠪᠣᠯᠭᠠᠨ᠂ ᠡᠵᠡᠩᠨᠡᠭᠴᠢ ᠶᠢ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ  ᠢ ᠲᠡᠭᠦᠯᠳᠡᠷᠵᠢᠭᠦᠯᠬᠦ ᠬᠡᠷᠡᠭᠲᠡᠶ᠃   15 . ᠰᠢᠶᠠᠨ ᠳᠤ ᠰᠠᠭᠤᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠷᠢᠯᠴᠠᠬᠤ᠂ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠢ ᠵᠣᠯᠭᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ᠂ ᠵᠣᠬᠢᠴᠠᠭᠤᠯᠬᠤ ᠪᠠ ᠵᠣᠷᠢᠭᠵᠢᠭᠤᠯᠵᠤ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠣᠷᠣᠭᠤᠯᠤᠨ ᠠᠪᠴᠢᠷᠠᠵᠤ ᠬᠠᠷᠢᠶ᠎ᠠ ᠳᠣᠲᠣᠷ᠎ᠠ ᠪᠠᠨ ᠪᠠᠶᠢᠭᠤᠯᠤᠮᠵᠢ ᠪᠠᠶᠢᠭᠤᠯᠬᠤ ᠬᠡᠷᠡᠭᠲᠡᠶ᠃    16. ᠬᠠᠷᠢᠶ᠎ᠠ ᠭᠠᠵᠠᠷ ᠤᠨ ᠲᠦᠭᠰᠢᠭᠦᠷᠢ ᠶᠢ ᠰᠡᠷᠭᠡᠶᠢᠯᠡᠨ  ᠰᠢᠢᠳᠪᠤᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ  ᠰᠢᠢᠳᠪᠤᠷᠢᠯᠡᠬᠦ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠤᠷᠢᠯᠡᠬᠦ ᠠᠵᠢᠯ ᠢ ᠲᠦᠷᠦᠭᠦᠯᠡᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠰᠢᠶᠠᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠪᠠ ᠴᠣᠬᠢᠯᠲᠠ ᠥᠭᠴᠦ᠂ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠲᠣᠭᠲᠠᠭᠤᠨ  ᠪᠠᠶᠢᠬᠤ ᠪᠠ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠨᠠᠶᠢᠳᠠᠯᠭ᠎ᠠ ᠬᠦᠯᠢᠶᠡᠵᠦ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠳᠠᠨᠵᠢᠯᠠᠬᠤ ᠪᠠᠩᠬᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢ ᠬᠢᠨᠠᠨ ᠬᠠᠮᠢᠶᠠᠷᠤᠨ᠎ᠠ    17. ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠤᠶᠢᠯᠡᠳᠪᠤᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ  ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠮᠤᠷ ᠲᠦᠪᠰᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃                                      ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2