ᠮᠠ ᠴᠧᠨ ᠨᠡᠷ ᠲᠢᠶᠠᠨ ᠴᠧᠩ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-01-20
 1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠯᠢᠶᠠᠩᠴᠧᠩ ᠰᠢᠶᠠᠨ ᠳᠤ ᠲᠣᠮᠢᠯᠠᠨ  ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ᠂  ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠮᠠ ᠴᠧᠨ ᠲᠢᠶᠠᠨ ᠴᠧᠩ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᡁᠢ ᠭᠠᠩ᠂ ᠵᠠᠰᠠᠭ ᠤᠨ ᠣᠷᠳᠣᠨ ᠤ ᠳᠡᠳ᠋ ᠰᠢᠶᠠᠨ ᠤ  ᠲᠠᠷᠤᠭ᠎ᠠ ᠵᠣᠣ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠮᠠ ᠴᠧᠨ᠂ ᠯᠢ ᡁᠢ ᠭᠠᠩ᠂ ᠵᠣᠣ ᠷᠦᠢ ᠴᠢᠩ ᠳ᠋ᠦᠩ ᠲᠣᠰᠬᠤᠨ᠂ ᠴᠢᠩ ᠪᠸᠢ ᠲᠣᠰᠬᠤᠨ ᠪᠣᠯᠤᠨ ᠶᠢᠨ ᠬᠦᠶ ᠶᠣᠣ ᠲᠣᠰᠬᠤᠨ ᠤ ᠬᠡᠰᠡᠭ ᠶᠠᠳᠠᠭᠤ ᠬᠦᠴᠢᠷᠳᠡᠯᠲᠡᠶ ᠡᠷᠦᠬᠡ ᠶᠢ  ᠰᠤᠷᠪᠤᠯᠵᠢᠯᠠᠨ ᠦᠵᠡᠵᠦ᠂ ᠲᠡᠳᠡᠨ ᠤ ᠶᠠᠳᠠᠭᠤᠷᠠᠭᠰᠠᠨ ᠰᠢᠯᠲᠠᠭᠠᠨ᠂ ᠣᠷᠣᠨ ᠰᠠᠭᠤᠴᠠ ᠶᠢᠨ ᠲᠠᠯᠠᠪᠠᠶ᠂ ᠨᠡᠭᠦᠬᠦ  ᠠᠴᠠ ᠡᠮᠦᠨᠡᠬᠢ ᠬᠤᠶᠢᠨᠠᠬᠢ  ᠤᠶᠢᠯᠡᠳᠪᠤᠷᠢᠯᠡᠯ ᠠᠮᠢᠳᠤᠷᠠᠯ ᠤᠨ ᠬᠤᠪᠢᠷᠠᠯᠲᠠ ᠶᠢ ᠨᠠᠷᠢᠨ ᠣᠶᠢᠯᠠᠭᠠᠵᠤ᠂ ᠣᠷᠣᠯᠭ᠎ᠠ ᠵᠠᠷᠤᠯᠭ᠎ᠠ  ᠶᠢᠨ ᠨᠠᠷᠢᠨ ᠲᠣᠳᠣᠷᠬᠠᠶ᠂ ᠲᠣᠳᠣᠷᠬᠠᠶ ᠺᠠᠷᠲ᠂ ᠶᠠᠳᠠᠭᠤ ᠶᠢ ᠲᠡᠳᠬᠦᠬᠦ ᠭᠠᠷ ᠳᠡᠪᠲᠡᠷ ᠢ ᠲᠠᠭᠯᠠᠭᠰᠠᠨ ᠪᠠᠶᠢᠳᠠᠯ  ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡᠴᠢᠯᠡᠨ ᠲᠣᠰᠬᠤᠨ ᠳᠤ ᠰᠠᠭᠤᠵᠤ ᠺᠠᠳ᠋ᠷ ᠢ ᠳᠠᠭᠠᠭᠠᠴᠢᠯᠠᠨ ᠲᠡᠳᠬᠦᠬᠦ ᠳᠤ ᠤᠯᠠᠨ ᠲᠦᠮᠡᠨ ᠤ ᠪᠣᠳᠠᠲᠠᠢ  ᠬᠡᠷᠡᠭᠴᠡᠭᠡ ᠶᠢ ᠪᠣᠳᠣᠯᠬᠢᠯᠠᠵᠤ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠬᠦ  ᠬᠡᠷᠡᠭᠳᠡᠢ ᠭᠡᠵᠦ ᠵᠠᠬᠢᠪᠠ᠃                                                                                 ᠵᠤᠬᠢᠶᠠᠭᠴᠢ᠄ ᠴᠧᠨ ᠪᠢᠨ                                         ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2