ᠳᠠᠭ᠎ᠠ ᠶᠢᠨ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ
ᠨᠡᠶᠢᠲᠡᠯᠡᠭᠰᠡᠨ ᠴᠠᠭ᠄
2020-01-03
     ᠤᠶᠢᠷ᠎ᠠ ᠶᠢᠨ ᠵᠢᠯ ᠠᠴᠠ᠂ ᠪᠠᠶᠢᠭᠠᠯᠢ ᠶᠢᠨ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ ᠲᠥᠷᠥᠯᠬᠢᠲᠡᠨ ᠤ ᠠᠵᠢᠯᠯᠠᠭ᠎ᠠ ᠵᠡᠷᠭᠡ ᠬᠦᠴᠦᠨ ᠵᠤᠶᠢᠯ ᠤᠨ ᠨᠥᠯᠥᠭᠡ ᠠᠴᠠ ᠪᠣᠯᠵᠤ᠂ ᠥᠪᠥᠷ ᠮᠣᠩᠭᠤᠯ ᠤᠨ ᠭᠤᠷᠪᠠᠳᠤᠭᠠᠷ ᠶᠡᠭᠡ ᠳᠣᠲᠣᠭᠠᠳᠤ ᠬᠠᠭᠤᠷᠠᠶ ᠶᠢᠨ ᠨᠠᠭᠤᠷ ᠪᠤᠯᠬᠤ ᠳᠠᠭ᠎ᠠ ᠶᠢᠨ ᠨᠠᠭᠤᠷ ᠤᠨ ᠤᠰᠤᠨ ᠤ ᠬᠡᠮᠵᠢᠶ᠎ᠡ ᠪᠠᠭᠠᠰᠴᠤ᠂ ᠤᠰᠤᠨ ᠤ ᠴᠢᠨᠠᠷ ᠮᠠᠭᠤᠲᠠᠵᠠᠢ᠃ ᠳᠠᠭ᠎ᠠ ᠶᠢᠨ ᠨᠠᠭᠤᠷ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠤᠯᠠᠭᠠᠨᠴᠠᠪ ᠬᠤᠲᠠ ︽ᠬᠤᠶᠠᠷ ᠢ ᠠᠷᠪᠢᠯᠠᠬᠤ᠂ ᠬᠤᠶᠠᠷ ᠢ ᠨᠥᠬᠦᠪᠥᠷᠢᠯᠡᠬᠦ᠂ ᠬᠤᠶᠠᠷ ᠢ ᠰᠡᠷᠭᠦᠭᠡᠬᠦ︾ ᠵᠢᠷᠭᠤᠭᠠᠨ ᠵᠤᠶᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠭᠦᠨ ᠤ ᠬᠠᠮᠲᠤ᠂ ᠡᠨᠡ ᠵᠢᠯ ᠳᠠᠭ᠎ᠠ ᠶᠢᠨ ᠨᠠᠭᠤᠷ ᠤᠨ ᠡᠷᠭᠢᠨ ᠲᠣᠭᠤᠷᠢᠨ ᠤ ᠭᠠᠵᠠᠷ ᠳᠣᠤᠷᠠᠬᠢ ᠤᠰᠤ ᠶᠢ ᠲᠡᠳᠡᠨ ᠠᠪᠬᠤ ᠦᠭᠡᠢ᠂ ᠳᠠᠭ᠎ᠠ ᠶᠢᠨ ᠨᠠᠭᠤᠷ ᠲᠤ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠦᠭᠡᠢ᠂ ᠠᠵᠤ ᠤᠶᠢᠯᠡᠳᠪᠤᠷᠢ ᠲᠠᠷᠢᠶᠠᠯᠠᠩ ᠳᠤ ᠳᠠᠭ᠎ᠠ ᠶᠢᠨ ᠨᠠᠭᠤᠷ ᠤᠨ ᠤᠰᠤ ᠶᠢ ᠬᠡᠷᠡᠭᠯᠡᠬᠦ ᠦᠭᠡᠢ ᠭᠡᠬᠦ ᠱᠠᠲᠤᠴᠢ ᠴᠢᠨᠠᠷᠲᠠᠶ ᠬᠠᠷᠠᠯᠲᠠ ᠶᠢ ᠪᠡᠶᠡᠯᠡᠭᠦᠯᠪᠡ᠃ ᠣᠳᠣᠬᠠᠨ ᠳᠤ᠂ ᠳᠠᠭ᠎ᠠ ᠶᠢᠨ ᠨᠠᠭᠤᠷ ᠤᠨ ᠤᠰᠤᠨ ᠤ ᠲᠠᠯᠠᠪᠠᠢ ᠪᠠᠭᠠᠰᠬᠤ ᠬᠠᠨᠳᠤᠰᠢ ᠢᠯᠡᠷᠬᠡᠶ ᠨᠠᠮᠵᠢᠵᠦ᠂ ᠤᠰᠤᠨ ᠤ ᠴᠢᠨᠠᠷ ᠳᠣᠷᠣᠭᠰᠢᠯᠠᠬᠤ ᠬᠠᠨᠳᠤᠰᠢ ᠬᠢᠵᠠᠭᠠᠷᠯᠠᠭᠳᠠᠵᠤ᠂ ᠤᠰᠤᠨ ᠤ ᠠᠮᠢ ᠠᠬᠤᠶ ᠣᠷᠴᠢᠨ ᠲᠣᠭᠤᠷᠢᠨ ᠠᠩᠬ᠎ᠠ ᠠᠯᠬᠤᠮ ᠰᠠᠶᠢᠵᠢᠷᠠᠪᠠ᠃ 2019 ᠤᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠳᠠᠭ᠎ᠠ ᠶᠢᠨ ᠨᠠᠭᠤᠷ ᠤᠨ ᠲᠠᠯᠠᠪᠠᠢ 52.5 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠡᠷᠭᠢᠨ ᠲᠣᠭᠤᠷᠢᠨ ᠤ ᠭᠠᠵᠠᠷ ᠳᠣᠤᠷᠠᠬᠢ ᠤᠰᠤᠨ ᠲᠦᠪᠰᠢᠨ 2017 ᠤᠨ ᠤ ᠬᠢ ᠠᠴᠠ 58.86 ᠰᠠᠨᠲ᠋ᠢᠮᠧᠳ᠋ᠷ ᠳᠡᠭᠡᠭᠰᠢᠯᠡᠵᠦ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠬᠤᠴᠢᠯᠭ᠎ᠠ ᠶᠢᠨ ᠪᠦᠷᠬᠦᠴᠡ 2015 ᠣᠨ ᠳᠤ 68 % ᠪᠠᠶᠢᠭᠰᠠᠨ ᠠᠴᠠ ᠪᠠᠨ ᠣᠳᠣᠬᠠᠨ ᠤ 70 % ᠪᠣᠯᠤᠨ ᠳᠡᠭᠡᠭᠰᠢᠯᠡᠵᠦ᠂ ᠰᠢᠪᠠᠭᠤᠨ ᠤ ᠲᠥᠷᠥᠯ ᠵᠤᠶᠢᠯ 2016 ᠣᠨ ᠳᠤ 68 ᠵᠤᠶᠢᠯ ᠪᠠᠶᠢᠭᠰᠠᠨ ᠠᠴᠠ ᠪᠠᠨ ᠣᠳᠣ ᠶᠢᠨ 91 ᠵᠤᠶᠢᠯ ᠪᠣᠯᠤᠨ ᠨᠡᠮᠡᠭᠳᠡᠵᠦ᠂ ᠠᠮᠢᠲᠠᠨ ᠤ ᠲᠤᠭ᠎ᠠ ᠴᠤ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃                                                                                                               ᠵᠤᠬᠢᠶᠠᠭᠴᠢ᠄ ᠯᠢᠦ ᠰᠢᠶᠣᠣ ᠵᠢᠶᠦ᠋ᠨ                                                   ᠤᠷᠴᠢᠭᠤᠯᠤᠭᠴᠢ᠄ ᠢᠷᠭᠤᠢ                                                   ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2