ᠯᠢᠶᠠᠩᠴᠧᠩ ᠰᠢᠶᠠᠨ ᠤ ᠴᠡᠷᠢᠭ  ᠤᠨ ᠠᠯᠪᠠ ᠠᠴᠠ ᠬᠠᠯᠠᠭᠳᠠᠭᠰᠠᠳ ᠤᠨ  ᠤᠶᠢᠯᠡᠴᠢᠯᠡᠭᠡᠨ ᠤ ᠲᠥᠪ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020-01-07
   ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ  ᠤᠶᠢᠯᠡᠴᠢᠯᠡᠭᠡ ᠬᠠᠮᠢᠶᠠᠷᠤᠯᠲᠠ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ  ᠤᠶᠢᠯᠡᠴᠢᠯᠡᠭᠡ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 6 ᠤ ᠡᠳᠦᠷ᠂ ᠯᠢᠶᠠᠩᠴᠧᠩ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ  ᠤᠶᠢᠯᠡᠴᠢᠯᠡᠭᠡᠨ ᠤ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ  ᠸᠧᠨ ᠱᠧᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠣᠷᠣᠯᠴᠠᠵᠤ᠂ ᠤᠶᠢᠯᠡᠴᠢᠯᠡᠭᠡᠨ ᠤ ᠲᠥᠪ ᠲᠤ ᠫᠠᠶᠢᠰᠠ ᠰᠡᠬᠦᠪᠡ᠃
     ᠫᠠᠶᠢᠰᠠ ᠰᠡᠬᠦᠬᠦ ᠶᠣᠰᠣᠯᠠᠯ ᠳᠡᠭᠡᠷ᠎ᠡ᠂  ᠱᠢ ᠼᠦᠢ ᠴᠢᠨ ᠵᠢᠭᠠᠭᠰᠠᠨ ᠨᠢ᠂ ᠰᠢᠶᠠᠨ ᠤ ᠴᠡᠷᠢᠭ  ᠤᠨ ᠠᠯᠪᠠ  ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠤᠨ ᠺᠠᠳ᠋ᠷ ᠠᠵᠢᠯᠲᠠᠨ᠂ ᠠᠵᠢᠯ ᠤᠨ ᠡᠭᠦᠷᠭᠡ ᠴᠢᠳᠠᠪᠬᠢ ᠪᠣᠯᠤᠨ ᠭᠤᠤᠯ ᠠᠵᠢᠯ  ᠤᠨ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠭᠦᠢᠴᠡᠳᠭᠡᠵᠦ᠂ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠢ ᠦᠨᠡᠨᠬᠦ ︽ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ︾ ᠪᠣᠯᠭᠠᠨ ᠪᠦᠲᠦᠭᠡᠨ ᠪᠠᠶᠢᠭᠤᠯᠵᠤ᠂ ᠤᠶᠢᠯᠡᠴᠢᠯᠡᠭᠡᠨ ᠤ ᠲᠥᠪ ᠤᠨ ᠶᠡᠭᠡ ᠲᠢᠩᠬᠢᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠡᠵᠡᠩᠨᠡᠬᠦ ᠬᠡᠷᠡᠭᠲᠡᠶ᠃ ᠦᠨᠡᠨ ᠰᠡᠳᠬᠢᠯ ᠠᠴᠠ ᠪᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ  ᠤᠶᠢᠯᠡᠴᠢᠯᠡᠬᠦ ᠪᠠ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠢᠳᠡᠪᠬᠢᠵᠢᠯ᠂ ᠪᠦᠲᠦᠭᠡᠯᠴᠢ ᠴᠢᠨᠠᠷ  ᠢ  ᠭᠦᠢᠴᠡᠳ ᠳᠠᠶᠢᠴᠢᠯᠠᠨ᠂ ᠲᠡᠳᠡᠨ ᠢ ᠨᠠᠮ ᠤᠨ ᠬᠠᠯᠠᠮᠵᠢᠯᠠᠯ ᠪᠠ ᠬᠠᠪᠰᠤᠷᠤᠯᠭ᠎ᠠ ᠳᠣᠤᠷ᠎ᠠ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠢᠨ᠎ᠡ ᠠᠵᠢᠯ ᠳᠤ ᠣᠷᠣᠯᠴᠠᠭᠤᠯᠵᠤ᠂ ᠠᠵᠢᠯ ᠬᠢᠵᠦ  ᠤᠶᠢᠯᠡᠰ ᠪᠣᠰᠬᠠᠨ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ  ᠬᠡᠷᠡᠭᠳᠡᠢ ᠭᠡᠪᠡ᠃
        ᠣᠶᠢᠯᠠᠭᠠᠭᠰᠠᠨ ᠢᠶᠠᠷ᠂ ᠰᠢᠨ᠎ᠡ ᠪᠠᠷ ᠪᠠᠶᠢᠭᠤᠯᠤᠭᠳᠠᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠪᠣᠯ ᠮᠠᠨ ᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ  ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠲᠥᠪ ᠤᠨ  ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ  ᠤᠶᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠨᠢ ᠭᠤᠤᠯᠳᠠᠭᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ  ᠤᠶᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠬᠠᠪᠰᠤᠷᠬᠤ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ  ᠰᠤᠷᠪᠤᠯᠵᠢᠯᠠᠯ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠣᠰ ᠲᠥᠪ ᠤᠨ ᠪᠠᠶᠢᠭᠤᠯᠤᠭᠳᠠᠭᠰᠠᠨ ᠨᠢ ᠮᠠᠨ ᠤ ᠰᠢᠶᠠᠨ ᠤ ᠴᠡᠷᠢᠭ ᠤᠨ ᠠᠯᠪᠠᠨ ᠡᠴᠠ‌ᠬᠠᠯᠠᠭᠳᠠᠭᠰᠠᠳ ᠤᠨ ᠬᠠᠮᠢᠶᠠᠷᠤᠯᠲᠠ ᠤᠶᠢᠯᠡᠴᠢᠯᠡᠭᠡᠨ ᠤ ᠪᠠᠶᠢᠭᠤᠯᠤᠯᠲᠠ ᠪᠠᠲᠤ ᠪᠠᠬᠢ ᠨᠢᠭᠡ ᠠᠯᠬᠤᠮ ᠠᠯᠬᠤᠭᠰᠠᠨ ᠢ ᠬᠠᠷᠠᠭᠤᠯᠵᠤ  ᠪᠠᠶᠢᠨ᠎ᠠ᠃ ︵ᠰᠤᠷᠪᠤᠯᠵᠢᠯᠠᠭᠴᠢ᠄  ᠵᠠᠩ ᠰᠢᠶᠤᠤ ᠶᠢᠩ︶                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ                                  ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2