ᠮᠠᠨ ᠤ ᠰᠢᠶᠠᠨ 2020 ᠤᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-07
   1 ᠰᠠᠷ᠎ᠠ ᠶᠢᠨ 2  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ 2020  ᠤᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠴᠧᠨ ᠸᠧᠶ᠂ ᡂᠢ ᠵᠢᠶᠠᠨ ᠹᠧᠩ᠂ ᠵᠤᠤ ᠷᠦᠢ᠂ ᠳ᠋ᠦᠩ ᠶᠦᠩ ᠰᠢᠶᠠᠩ᠂ ᠱᠢ ᠼᠦᠢ ᠴᠢᠨ᠂ ᠵᠢᠶᠠ ᠰᠢᠶᠣᠤ ᠫᠢᠩ᠂ ᠵᠠᠩ ᠯᠢ ᠸᠧᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ 2019  ᠤᠨ ᠤ ᠮᠠᠨ ᠤ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠢ ᠪᠡᠶᠡᠯᠡᠭᠦᠯᠦᠭᠰᠡᠨ ᠪᠠ 2020  ᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠢ ᠴᠤᠭᠯᠠᠭᠤᠯᠤᠭᠰᠠᠨ  ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠢᠦᠢ ᠳ᠋ᠠᠢ ᠴᠢᠩ ᠵᠢᠭᠠᠭᠰᠠᠨ ᠨᠢ᠂  ᠤᠭ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ  ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ 2019  ᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠭᠦᠷᠭᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠵᠢᠯ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠯ᠎ᠡ  ᠵᠤᠶᠢᠯ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠪᠣᠯᠤᠨ ᠣᠯᠠᠨ ᠲᠦᠮᠡᠨ ᠤ ᠰᠠᠶᠢᠨ ᠰᠠᠶᠢᠬᠠᠨ‌ᠠᠮᠢᠳᠤᠷᠠᠯ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠶ  ᠭᠡᠪᠡ᠃    ᠢᠦᠢ ᠳ᠋ᠠᠶ ᠴᠢᠩ ᠴᠢᠬᠤᠯᠠᠴᠢᠯᠠᠭᠰᠠᠨ ᠨᠢ᠂ 2020  ᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠤᠭᠯᠠᠭᠤᠯᠬᠤ ᠠᠵᠢᠯ ᠨᠢᠭᠡᠨᠲᠡ ᠡᠬᠢᠯᠡᠵᠡᠶ᠂ ᠡᠯ᠎ᠡ ᠨᠢᠭᠡᠴᠡ ᠦᠷᠭᠦᠯᠵᠢᠯᠡᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠯ᠎ᠡ  ᠵᠤᠶᠢᠯ ᠤᠨ ᠠᠵᠢᠯ  ᠤᠨ ᠲᠣᠭᠤᠷᠢᠨ ᠳᠤ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠲᠥᠯᠥᠪᠵᠢᠭᠦᠯᠦᠨ  ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠬᠠᠮᠤᠭ ᠤᠨ ᠴᠢᠩᠭ᠎ᠠ᠂ ᠬᠠᠮᠤᠭ ᠤᠨ ᠲᠤᠯᠭᠠᠮ᠎ᠠ ᠵᠢᠴᠢ ᠣᠯᠠᠨ ᠲᠦᠮᠡᠨ ᠤ ᠠᠵᠤ ᠠᠬᠤᠶ ᠪᠣᠯᠤᠨ  ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠠᠷᠠᠳ ᠤᠨ ᠠᠮᠢᠳᠤᠷᠠᠯ ᠤᠨ  ᠵᠤᠶᠢᠯᠡᠰ ᠢ ᠰᠣᠩᠭᠤᠨ ᠭᠠᠷᠭᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠰᠠᠨᠠᠯ ᠢ  ᠭᠦᠢᠴᠡᠳ ᠬᠤᠷᠢᠶᠠᠵᠤ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ ᠨᠠᠩ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠡᠯ᠎ᠡ  ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠬᠢᠵᠦ᠂ ᠨᠠᠷᠢᠨ ᠨᠢᠮᠪᠠᠶ ᠬᠢᠵᠦ᠂ ᠣᠷᠣᠨ ᠪᠠᠶᠢᠷᠢ ᠳᠤᠨᠢ ᠬᠦᠷᠭᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠢ ᠡᠷᠲᠡᠬᠡᠨ ᠡᠬᠢᠯᠡᠭᠦᠯᠬᠦ᠂ ᠲᠦᠯᠬᠢᠨ ᠠᠬᠢᠭᠤᠯᠬᠤ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ  ᠪᠠᠳᠤᠯᠠᠬᠤ ᠬᠡᠷᠡᠭᠳᠡᠢ ᠭᠡᠪᠡ᠃                                                                                              ᠵᠤᠬᠢᠶᠠᠭᠴᠢ᠄ ᠱᠠᠩ ᠶᠦᠨ ᠰᠢᠶᠠ     ᠯᠢ ᠰᠢᠶᠤᠤ ᠬᠤᠢ                                  ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2