ᠰᠢᠶᠠᠨ ᠤ ᠵᠡᠮᠳᠡᠭᠴᠦᠳ ᠤᠨ ᠬᠤᠯᠪᠣᠭ᠎ᠠ ᠶᠠᠳᠠᠭᠤ ᠬᠦᠴᠢᠷᠳᠡᠯᠲᠡᠶ ᠡᠷᠦᠬᠡ ᠶᠢ ᠡᠷᠭᠢᠨ ᠦᠵᠡᠪᠡ
ᠨᠡᠶᠢᠲᠡᠯᠡᠭᠰᠡᠨ ᠴᠠᠭ᠄
2020-01-08
  ᠵᠢᠯ ᠤᠨ ᠡᠬᠢᠨ ᠤ ᠦᠶ᠎ᠡ ᠪᠠᠷ᠂ ᠶᠡᠭᠡ ᠴᠠᠰᠤ ᠮᠥᠰᠥᠨ ᠳᠤ ᠬᠤᠴᠢᠭᠳᠠᠵᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠿᠢ ᠭᠤᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠳᠠᠭᠠᠭᠤᠯᠤᠨ ᠳ᠋ᠠ ᠴᠢᠤᠸᠠᠨ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠪᠣᠯᠤᠨ ᠲᠣᠰᠬᠤᠨ ᠳᠤ ᠰᠠᠭᠤᠭ᠎ᠠ ᠲᠣᠰᠬᠤᠨ ᠤ ᠪᠠᠶᠢᠳᠠᠯ ᠢ ᠡᠷᠭᠢᠨ ᠦᠵᠡᠵᠦ᠂ ᠡᠷᠦᠬᠡ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠶᠢᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠᠶᠢᠳᠠᠯ ᠢ ᠣᠶᠢᠯᠠᠭᠠᠵᠤ᠂  ᠰᠢᠢᠳᠪᠤᠷᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠤᠷᠠᠳᠤᠭᠰᠠᠨ ᠬᠦᠴᠢᠷᠳᠡᠯ ᠢ ᠲᠤᠬᠠᠶ ᠶᠢᠨ ᠭᠠᠵᠠᠷ ᠲᠤᠨᠢ  ᠰᠢᠢᠳᠪᠤᠷᠢᠯᠡᠪᠡ᠃
        ᠴᠧᠨ ᠿᠢ ᠭᠤᠤ  ᠬᠡᠷᠡᠭ ᠡᠷᠬᠢᠯᠡᠭᠴᠢᠳ ᠤᠨ ᠳᠠᠷᠤᠭ᠎ᠠ ᠲᠤᠬᠠᠶ ᠶᠢᠨ ᠲᠠᠯᠠᠪᠠᠢ ᠳᠤ ᠬᠤᠯᠪᠣᠭᠳᠠᠯ ᠪᠦᠬᠦᠢ ᠬᠥᠮᠦᠰ ᠢ ᠲᠤᠬᠢᠷᠠᠭᠤᠯᠤᠨ ᠵᠡᠮᠳᠡᠭᠴᠦᠳ ᠤᠨ ᠠᠳᠠᠯ  ᠤᠶᠢᠯᠡᠰ ᠴᠣᠭᠴᠠᠯᠠᠵᠤ ᠠᠵᠢᠯ ᠣᠯᠬᠤ ᠰᠠᠭᠤᠷᠢᠨ ᠭᠠᠵᠠᠷ ᠠᠴᠠ ᠬᠦᠷᠳᠦᠲᠦ ᠰᠠᠨᠳᠠᠯᠢ ᠶᠢ ᠬᠦᠷᠭᠡᠵᠦ᠂ ᠶᠠᠪᠤᠵᠤ ᠰᠠᠭᠤᠬᠤ ᠠᠰᠠᠭᠤᠳᠠᠯ ᠢ   ᠰᠢᠢᠳᠪᠤᠷᠢᠯᠡᠬᠦ ᠬᠡᠷᠡᠭᠲᠡᠶ ᠭᠡᠵᠦ ᠳᠤᠷᠠᠳᠴᠠᠶ᠃ ᠡᠭᠦᠨ ᠤ ᠳᠤ ᠬᠠᠮᠲᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠨᠢ ᠳᠠᠭᠠᠭᠠᠴᠢᠯᠠᠨ ᠲᠡᠳᠬᠦᠵᠦ  ᠪᠠᠶᠢᠭ᠎ᠠ ᠶᠠᠳᠠᠭᠤ ᠬᠦᠴᠢᠷᠳᠡᠯᠲᠡᠶ ᠡᠷᠦᠬᠡ ᠶᠢ  ᠰᠤᠷᠪᠤᠯᠵᠢᠯᠠᠵᠤ᠂ ᠲᠣᠰᠬᠤᠨ ᠤ ᠬᠤᠶᠠᠷ ᠵᠥᠪᠯᠡᠯ ᠪᠣᠯᠤᠨ ᠲᠣᠰᠬᠤᠨ ᠳᠤ ᠰᠠᠭᠤᠭ᠎ᠠ ᠲᠣᠰᠬᠤᠨ ᠤ ᠠᠷᠠᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠣᠰᠬᠤᠨ ᠳᠤ ᠰᠠᠭᠤᠭ᠎ᠠ ᠲᠣᠰᠬᠤᠨ ᠤ ᠠᠷᠠᠳ ᠤᠨ ᠶᠠᠷᠢᠯᠴᠠᠬᠤ ᠬᠤᠷᠠᠯ ᠢ ᠰᠣᠨᠣᠰᠤᠭᠰᠠᠨ ᠪᠥᠭᠡᠳ ᠲᠣᠰᠬᠤᠨ ᠳᠤ ᠰᠠᠭᠤᠭ᠎ᠠ ᠳᠠᠷᠠᠭ᠎ᠠ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠤ᠂ ᠪᠠᠶᠢᠩᠭᠤ ᠰᠤᠷᠪᠤᠯᠵᠢᠯᠠᠨ᠂ ᠡᠷᠦᠬᠡ ᠳᠤ ᠢᠯᠡᠭᠦᠬᠡᠨ ᠣᠷᠣᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ ᠠᠰᠠᠭᠤᠳᠠᠯ ᠢ ᠦᠨᠡᠨᠬᠦ  ᠰᠢᠢᠳᠪᠤᠷᠢᠯᠡᠬᠦ ᠬᠡᠷᠡᠭᠲᠡᠶ  ᠭᠡᠪᠡ᠃                                                        ᠤᠷᠴᠢᠭᠤᠯᠤᠭᠴᠢ᠄ ᠼᠦᠢ ᠴᠢᠩᠢᠷᠡᠯᠳᠡ᠄ ᠼᠣᠣ ᠨᠢᠶᠠᠨ ᠮᠠᠨᠵᠦ ᠦᠨᠳᠦᠰᠦᠳᠡᠨ ᠤ ᠰᠢᠶᠠᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2