ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ ᠪᠦᠬᠦ ᠤᠯᠤᠰ  ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2020-01-09
 ᠤᠶᠢᠷ᠎ᠠ ᠳᠤ᠂ ᠲᠥᠪ ᠤᠨ ᠬᠥᠳᠡᠭᠡ ᠲᠣᠰᠬᠤᠨ ᠤ ᠠᠵᠢᠯ  ᠤᠨ ᠤᠳᠤᠷᠢᠳᠬᠤ  ᠲᠤᠭᠤᠶᠢᠯᠠᠩ ᠤᠨ ᠠᠯᠪᠠᠨ ᠭᠡᠷ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂  ᠲᠦᠪ ᠤᠨ ᠤᠬᠠᠭᠤᠯᠬᠤ ᠬᠡᠯᠳᠡᠰ᠂ ᠠᠷᠠᠳ ᠤᠨ ᠶᠠᠪᠤᠳᠠᠯ ᠤᠨ  ᠬᠡᠯᠳᠡᠰ᠂ ᠬᠠᠤᠯᠢ ᠴᠠᠭᠠᠵᠠ ᠶᠢᠨ ᠶᠠᠮᠤᠨ ᠠᠴᠠ ᠪᠦᠬᠦ ᠤᠯᠤᠰ  ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠵᠦ᠂ ᠮᠠᠨ ᠤ ᠰᠢᠶᠠᠨ ᠤ ᠳᠠᠭ᠎ᠠ ᠶᠢᠨ ᠨᠠᠭᠤᠷ ᠪᠠᠯᠭᠠᠰᠤ ᠶᠢᠨ ᠶᠤᠸᠠᠨ ᠱᠠᠨ ᠽᠢ ᠲᠣᠰᠬᠤᠨ ᠴᠣᠯᠭᠤᠷᠠᠨ ᠭᠠᠷᠴᠤ᠂ ᠪᠦᠬᠦ ᠤᠯᠤᠰ  ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠤ ᠢᠷᠠᠭᠤ ᠠᠯᠳᠠᠷ ᠢ ᠬᠦᠷᠲᠡᠪᠡ᠃   ᠤᠶᠢᠷ᠎ᠠ ᠶᠢᠨ ᠵᠢᠯ ᠤᠨ ᠲᠤᠷᠰᠢ᠂ ᠳᠠᠭ᠎ᠠ ᠶᠢᠨ ᠨᠠᠭᠤᠷ ᠪᠠᠯᠭᠠᠰᠤ ᠶᠢᠨ ᠶᠤᠸᠠᠨ ᠱᠠᠨ ᠽᠢ ᠲᠣᠰᠬᠤᠨ ᠲᠥᠪ ᠬᠤᠷᠢᠶ᠎ᠠ ᠵᠢᠴᠢ  ᠲᠡᠭᠡᠳᠦ ᠱᠠᠲᠤᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠵᠢᠴᠢ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠪᠦᠬᠦ ᠲᠣᠰᠬᠤᠨ ᠤ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠨᠡᠯᠢᠶᠡᠳ ᠶᠡᠭᠡ ᠠᠬᠢᠴᠠ ᠲᠠᠢ ᠪᠣᠯᠪᠠ᠃   2019 ᠣᠨ ᠳᠤ᠂ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠵᠢᠱᠢᠶ᠎ᠡ ᠦᠵᠡᠭᠦᠯᠬᠦ ᠲᠣᠰᠬᠤᠨ ᠢᠶᠠᠷ ᠲᠣᠭᠲᠠᠭᠠᠭᠳᠠᠪᠠ᠃ ᠨᠢᠭᠡ ᠵᠢᠯ ᠤᠨ ᠲᠤᠷᠰᠢ᠂ ᠲᠣᠰ ᠲᠣᠰᠬᠤᠨ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠨᠠᠮ ᠤᠨ ᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠢᠶᠠᠨ ᠨᠡᠶᠢᠳᠬᠡᠵᠦ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠲᠦᠴᠡ ᠶᠢ ᠥᠷᠭᠡᠳᠬᠡᠨ᠂ ᠠᠷᠠᠳ ᠢ ᠪᠠᠶᠠᠵᠢᠭᠤᠯᠬᠤ ᠵᠠᠮ  ᠢ ᠥᠷᠭᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ  ᠢ ᠰᠠᠶᠢᠵᠢᠷᠠᠭᠤᠯᠵᠤ᠂ ᠪᠣᠯᠪᠠᠰᠤᠷᠠᠯ ᠬᠥᠮᠦᠵᠢᠯ᠂ ᠲᠠᠷᠢᠶᠠᠴᠢᠨ ᠤ ᠬᠡᠪ ᠴᠢᠨᠠᠷ  ᠢ ᠳᠡᠭᠡᠭᠰᠢᠯᠡᠭᠦᠯᠵᠦ᠂ ᠠᠷᠠᠳᠴᠢᠯᠠᠯ ᠤᠨ ᠬᠠᠮᠢᠶᠠᠷᠤᠯᠲᠠ ᠶᠢᠨ ᠳᠦᠷᠢᠮ  ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠺᠠᠳ᠋ᠷ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ᠂ ᠰᠣᠶᠣᠯ ᠶᠣᠰᠣ ᠰᠤᠷᠲᠠᠬᠤᠨ ᠰᠢᠨ᠎ᠡ ᠬᠡᠪ ᠰᠤᠷᠲᠠᠯ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠵᠠᠰᠠᠬᠤ  ᠠᠶᠠᠨ ᠵᠠᠮ ᠳᠡᠭᠡᠷ᠎ᠡ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ︵ᠰᠤᠷᠪᠤᠯᠵᠢᠯᠠᠭᠴᠢ᠄ ᠰᠦᠩ ᠹᠦ᠋ ᠾᠧᠩ︶                      ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                      ᠤᠷᠴᠢᠭᠤᠯᠤᠭᠴᠢ᠄ ᠼᠦᠢ ᠴᠢᠩ                       ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2