ᠪᠠᠶ ᠯᠢ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1975 ᠣᠨ ᠤ 10 ᠰᠠᠷ᠎ᠠ ᠳᠤ ᠲᠦᠷᠦᠵᠠᠢ᠂ | ᠡᠾᠧᠪᠸᠢ ᠮᠤᠵᠢ ᠶᠢᠨ ᠶᠠᠩᠶᠤᠸᠠᠨ ᠰᠢᠶᠠᠨ ᠳᠤ ᠨᠤᠲᠤᠭ ᠲᠠᠢ᠂ 1999 ᠣᠨ ᠤ 6 ᠰᠠᠷ᠎ᠠ ᠳᠤ ᠠᠵᠢᠯ ᠳᠤ | ᠤᠷᠤᠯᠴᠠᠵᠠᠢ᠃ | ᠤᠳᠤ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ | ᠲᠤᠰᠢᠶᠠᠯ ᠳᠤ ᠪᠤᠢ᠃ | ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ | ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠠᠵᠤ ᠦᠢᠯᠡᠳᠪᠦᠷᠢ ᠪᠣᠯᠤᠨ ᠮᠡᠳᠡᠭᠡ ᠵᠠᠩᠬᠢᠵᠢᠯᠳᠡ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠰᠢᠦᠳᠠᠨ ᠤ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠳᠤᠰᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ | ᠴᠢᠯᠠᠭᠤᠨ ᠳᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠲᠠᠭ᠎ᠠ ᠶᠢᠨ ᠨᠠᠭᠤᠷ ᠴᠠᠬᠢᠯᠭᠠᠨ ᠤ | ᠦᠢᠯᠡᠳᠪᠦᠷᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ | ᠬᠤᠯᠪᠣᠭᠠᠨ ᠤ ᠺᠣᠮᠫᠠᠨᠢ᠂ ᠲᠡᠮᠦᠷ ᠰᠤᠪᠤᠷᠭ᠎ᠠ ᠶᠢᠨ ᠺᠣᠮᠫᠠᠨᠢ ᠲᠠᠢ ᠬᠠᠷᠢᠯᠴᠠᠨ᠎ᠠ᠃ | | |