| ᠤᠯᠠᠭᠠᠨᠴᠠᠪ ᠵᠠᠰᠠᠭ ᠲᠠᠷᠬᠠᠭᠠᠭᠰᠠᠨ ︹ 2020 ︺75 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠄ | ᠬᠤᠲᠠ ᠶᠢᠨ ᠨᠠᠮ ᠤᠨ ᠬᠤᠷᠢᠶᠠᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠠᠴᠠ ᠬᠢᠨᠠᠨ | ᠵᠥᠪᠯᠡᠵᠦ ᠪᠠᠲᠤᠯᠠᠭᠠᠳ᠂ ︽ᠪᠦᠬᠦ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠬᠤᠲᠠ ᠶᠢᠨ ᠱᠠᠲᠤᠨ ᠤ ᠨᠢᠭᠡᠳᠦᠯᠲᠡᠢ ᠳᠤ ᠲᠦᠯᠦᠪᠯᠡᠬᠦ ᠶᠢ ᠲᠡᠭᠦᠯᠳᠡᠷᠵᠢᠭᠦᠯᠬᠦ | ᠲᠤᠬᠠᠢ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ | | 2020 ᠣᠨ ᠤ 7 ᠰᠠᠷ᠎ᠠ ᠶᠢᠨ 24 ᠤ ᠡᠳᠦᠷ | | ᠪᠦᠬᠦ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠢ ᠲᠡᠭᠦᠯᠳᠡᠷᠵᠢᠭᠦᠯᠬᠦ ᠲᠤᠬᠠᠶ ᠬᠤᠲᠠ ᠶᠢᠨ ᠱᠠᠲᠤᠨ ᠳᠤ ᠨᠢᠭᠡᠳᠦᠯᠲᠡᠶ ᠲᠦᠯᠦᠪᠵᠢᠭᠦᠯᠦᠨ ᠬᠡᠷᠡᠭᠵᠢᠭᠦᠯᠬᠦ | ᠲᠥᠰᠦᠯ | | ᠮᠠᠨ ᠤ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠡᠮ ᠡᠮᠨᠡᠯᠭᠡ ᠶᠢᠨ | ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠪᠣᠯᠤᠨ ᠰᠠᠭᠤᠷᠢ ᠮᠥᠩᠭᠦ ᠶᠢᠨ ᠠᠵᠢᠯᠯᠠᠭᠠᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠶᠢᠨ ᠲᠦᠭᠰᠢᠭᠦᠷᠢ ᠶᠢ | ᠳᠠᠭᠠᠭᠠᠬᠤ ᠴᠢᠳᠠᠪᠤᠷᠢ ᠶᠢ ᠨᠡᠮᠡᠭᠳᠡᠭᠦᠯᠵᠦ᠂ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠵᠢᠯ ᠢ ᠪᠣᠳᠠᠲᠠᠶ | ᠬᠢᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ | ᠡᠪ ᠬᠠᠮᠳᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︽ᠡᠮᠴᠢᠯᠡᠭᠡᠨ ᠤ | ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠦᠨᠳᠦᠰᠦᠨᠡᠮ ᠡᠮᠨᠡᠯᠭᠡ ᠶᠢᠨ ᠳᠠᠭᠠᠳᠬᠠᠯ ᠤᠨ ᠲᠦᠷᠢᠮ︾ ︽ᠤᠯᠠᠭᠠᠨᠴᠠᠪ ᠬᠤᠲᠠ ᠶᠢᠨ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠲᠠ ᠶᠢᠨ ᠱᠠᠲᠤᠨ ᠤ ᠨᠢᠭᠡᠳᠦᠯᠲᠡᠶ | ᠲᠥᠯᠥᠪᠯᠡᠬᠦ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠠᠵᠢᠯᠯᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠬᠠᠷᠠᠯᠲᠠ ᠶᠢᠨ ᠡᠭᠦᠷᠭᠡ | ᠳᠦᠷᠢᠮ ᠲᠥᠷᠥ ᠶᠢᠨ ᠪᠣᠳᠣᠯᠭ᠎ᠠ ᠨᠢᠭᠡᠳᠦᠯᠲᠡᠶ᠂ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠨ | ᠠᠵᠢᠯᠯᠠᠭᠤᠯᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠪᠠᠷᠢᠮᠵᠢᠶ᠎ᠠ ᠶᠣᠰᠣᠭᠠᠷ᠂ ᠪᠦᠬᠦ | ᠬᠤᠲᠠ ᠶᠢᠨ ᠬᠡᠪᠴᠢᠶᠡᠨ ᠳᠤ ᠨᠢᠭᠡᠳᠦᠯᠲᠡᠶ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠨᠡᠩ ᠲᠡᠭᠦᠯᠳᠡᠷᠵᠢᠭᠦᠯᠵᠡᠶ᠃ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠨᠡᠩ ᠵᠢᠷᠤᠮᠵᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠬᠠᠷᠠᠭᠠᠯᠵᠠᠯ ᠢ ᠪᠠᠲᠤᠯᠠᠬᠤ ᠬᠡᠷᠡᠭᠲᠡᠢ︔ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠢᠶᠠᠷ ᠬᠡᠷᠡᠭᠵᠢᠭᠦᠯᠬᠦ ᠬᠡᠷᠡᠭᠲᠡᠶ︔ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠨᠢᠭᠡᠳᠦᠯᠲᠡᠶ ᠬᠠᠮᠢᠶᠠᠷᠬᠤ ᠶᠢ ᠪᠠᠷᠢᠮᠲᠠᠯᠠᠵᠤ᠂ ᠰᠠᠭᠤᠷᠢ ᠮᠦᠩᠭᠦᠨ ᠤ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠂ ᠬᠠᠷᠠᠭᠠᠯᠵᠠᠯ ᠤᠨ ᠬᠢᠷᠢ | ᠬᠡᠮᠵᠢᠶ᠎ᠡ ᠶᠢ ᠠᠵᠤ ᠠᠬᠤᠶ ᠶᠢᠨ ᠬᠦᠭᠵᠢᠯᠳᠡ ᠯᠦᠭᠡ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠲᠥᠪ | ᠭᠤᠤᠯᠴᠢ ᠪᠥᠭᠡᠳ ᠵᠣᠬᠢᠰᠲᠠᠶ ᠪᠠᠲᠤᠯᠠᠭ᠎ᠠ ᠶᠢ ᠢᠯᠡᠷᠡᠭᠦᠯᠦᠨ᠎ᠡ︔ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ | ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠪᠠᠭ᠎ᠠ ᠰᠠᠭ᠎ᠠ ᠦᠯᠡᠳᠡᠪᠦᠷᠢ ᠲᠠᠢ ᠪᠠᠶᠢᠯᠭᠠᠬᠤ ᠶᠢ ᠪᠠᠷᠢᠮᠲᠠᠯᠠᠨ᠂ | ᠰᠠᠭᠤᠷᠢ ᠮᠥᠩᠭᠦᠨ ᠤ ᠠᠵᠢᠯᠯᠠᠭᠠᠨ ᠤ ᠠᠮᠤᠷ ᠲᠦᠪᠰᠢᠨ ᠢ ᠪᠠᠲᠤᠯᠠᠨ᠎ᠠ᠃ | ᠬᠤᠶᠠᠷ᠂ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠬᠡᠪᠴᠢᠶ᠎ᠡ | ︵ᠨᠢᠭᠡ︶ ᠳᠠᠭᠠᠳᠬᠠᠯ ᠳᠤ ᠣᠷᠣᠯᠴᠠᠬᠤ ᠬᠡᠪᠴᠢᠶ᠎ᠡ | ᠮᠠᠨ ᠤ ᠬᠤᠲᠠ ᠶᠢᠨ ᠬᠢᠯᠢ ᠶᠢᠨ ᠳᠣᠲᠣᠷᠠᠬᠢ ᠪᠣᠢ ᠪᠦᠬᠦᠢ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ | ᠵᠢᠴᠢ ᠠᠵᠢᠯᠲᠠᠨ ᠠᠵᠢᠯᠴᠢᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠲᠡᠭᠦᠨ ᠤ ᠠᠵᠢᠯᠲᠠᠨ᠂ | ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃ | ᠬᠥᠯᠥᠰᠥᠨ ᠠᠵᠢᠯᠴᠢᠨ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠥᠮᠦᠨ ᠬᠡᠷᠡᠭᠯᠡᠬᠦ | ᠨᠢᠭᠡᠴᠢ ᠳᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠦᠭᠡᠢ ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ ᠠᠵᠢᠯᠲᠠᠨ ᠵᠢᠴᠢ ᠪᠤᠰᠤᠳ | ᠠᠮᠢᠳᠤᠯᠢᠭ ᠢᠶᠠᠷ ᠠᠵᠢᠯ ᠤᠯᠤᠭᠰᠠᠨ ︵ᠳᠣᠷᠣᠭᠰᠢ ᠠᠮᠢᠳᠤᠯᠢᠭ ᠢᠶᠠᠷ ᠠᠵᠢᠯ ᠣᠯᠤᠭᠰᠠᠳ ᠭᠡᠵᠦ ᠲᠣᠪᠴᠢᠯᠠᠨ᠎ᠠ︶᠂ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠤᠶᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠰᠠᠶᠢᠨ | ᠳᠤᠷ᠎ᠠ ᠠᠴᠠ ᠪᠠᠨ ᠰᠣᠩᠭᠤᠵᠤ ᠪᠣᠯᠤᠨ᠎ᠠ᠃ | ︵ᠬᠤᠶᠠᠷ︶ ᠨᠢᠭᠡᠳᠦᠯᠲᠡᠶ ᠲᠥᠯᠥᠪᠯᠡᠬᠦ ᠲᠥᠷᠥᠯ ᠵᠤᠶᠢᠯ ᠤᠨ ᠬᠡᠪᠴᠢᠶ᠎ᠡ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ | ᠳᠠᠭᠠᠳᠬᠠᠯ ᠪᠠᠭᠲᠠᠨ᠎ᠠ︶︔ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠬᠦᠨᠳᠦ ᠡᠪᠡᠳᠴᠢᠨ ᠤ ᠡᠮᠴᠢᠯᠡᠭᠡᠨ ᠤ | ᠳᠠᠭᠠᠳᠬᠠᠯ︔ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ | ᠲᠤᠰᠠᠯᠠᠮᠵᠢ ᠶᠢᠨ ᠰᠠᠭᠤᠷᠢ ᠮᠥᠩᠭᠦ᠃ | ᠭᠤᠷᠪᠠ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ | ︵ᠨᠢᠭᠡ︶ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠪᠡᠯᠡ ᠴᠤᠭᠯᠠᠭᠤᠯᠬᠤ ᠪᠠᠷᠢᠮᠵᠢᠶ᠎ᠠ | 1᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠷᠡᠵᠢᠯ ᠤᠨ ᠡᠮ ᠡᠮᠨᠡᠯᠭᠡ ᠶᠢᠨ ᠳᠠᠭᠠᠳᠬᠠᠯ ᠢ | ᠦᠨᠳᠦᠰᠦᠨ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠳᠤ ᠨᠡᠶᠢᠯᠡᠭᠦᠯᠦᠨ ᠣᠷᠣᠭᠤᠯᠤᠨ᠎ᠠ᠃ | ᠬᠥᠮᠦᠨ ᠬᠡᠷᠡᠭᠯᠡᠬᠦ ᠨᠢᠭᠡᠴᠡ ᠲᠣᠰ ᠨᠢᠭᠡᠴᠡ ᠶᠢᠨ ᠢᠶᠠᠨ ᠲᠦᠷᠦᠭᠦᠤ ᠵᠢᠯ ᠤᠨ ᠠᠵᠢᠯᠲᠠᠨ ᠠᠵᠢᠯᠴᠢᠨ ᠤ ᠴᠠᠯᠢᠩ ᠤᠨ | ᠶᠡᠷᠦᠩᠬᠡᠢ ᠲᠣᠭᠠᠨ ᠤ 8.5% ︵ᠦᠨᠳᠦᠰᠦᠨ ᠡᠮ ᠡᠮᠨᠡᠯᠭᠡ ᠶᠢᠨ ᠳᠠᠭᠠᠳᠬᠠᠯ 8%᠂ ᠦᠷᠡᠵᠢᠯ ᠤᠨ ᠳᠠᠭᠠᠳᠬᠠᠯ | 0.5%︶ ᠪᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠨ᠎ᠠ︔ ᠠᠵᠢᠯ ᠳᠤ ᠪᠠᠶᠢᠭ᠎ᠠ | ᠠᠵᠢᠯᠲᠠᠨ ᠠᠵᠢᠯᠴᠢᠨ ᠤ ᠬᠤᠪᠢ ᠬᠥᠮᠦᠨ ᠠᠴᠠ ᠳᠡᠭᠡᠭᠰᠢ ᠤᠨ ᠤ ᠲᠤᠰ ᠬᠥᠮᠦᠨ ᠤ ᠴᠠᠯᠢᠩ ᠤᠨ ᠶᠡᠷᠦᠩᠬᠡᠶ | ᠲᠣᠭᠠᠨ ᠤ 2% ᠢᠶᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠬᠡᠷᠡᠭᠳᠡᠢ᠃ | ᠬᠥᠮᠦᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠨᠢ | ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠢᠭᠡᠴᠡ ᠶᠢᠨ ᠠᠵᠢᠯ ᠣᠯᠤᠭᠰᠠᠨ | ᠬᠦᠮᠦᠰ ᠤᠨ ᠰᠠᠷ᠎ᠠ ᠶᠢᠨ ᠳᠤᠮᠳᠠᠴᠢ ᠴᠠᠯᠢᠩ ᠤᠨ 80% ᠠᠴᠠ ᠳᠣᠣᠷ᠎ᠠ ᠪᠠᠶᠢᠪᠠᠯ᠂ ᠳᠡᠭᠡᠷ᠎ᠡ ᠵᠢᠯ ᠤᠨ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤ ᠶᠢᠨ ᠨᠢᠭᠡᠴᠡ ᠳᠤ ᠠᠵᠢᠯ ᠣᠯᠤᠭᠰᠠᠳ ᠤᠨ ᠰᠠᠷ᠎ᠠ ᠶᠢᠨ ᠳᠤᠮᠳᠠᠴᠢ | ᠴᠠᠯᠢᠩ ᠤᠨ 80% ᠨᠢ ᠰᠦᠢᠳᠭᠡᠯ ᠲᠤᠰᠢᠶᠠᠬᠤ ᠰᠠᠭᠤᠷᠢ ᠲᠤᠭ᠎ᠠ ᠪᠣᠯᠤᠨ᠎ᠠ︔ ᠳᠡᠭᠡᠷ᠎ᠡ ᠵᠢᠯ ᠤᠨ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤ ᠶᠢᠨ ᠨᠢᠭᠡᠴᠡ ᠶᠢᠨ ᠠᠵᠢᠯ ᠣᠯᠤᠭᠰᠠᠨ ᠬᠥᠮᠦᠰ ᠤᠨ ᠰᠠᠷ᠎ᠠ ᠶᠢᠨ ᠳᠤᠮᠳᠠᠴᠢ | ᠴᠠᠯᠢᠩ ᠤᠨ 300% ᠠᠴᠠ ᠥᠨᠳᠥᠷ ᠪᠠᠶᠢᠪᠠᠯ᠂ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠲᠠ | ᠪᠠᠯᠭᠠᠰᠤ ᠶᠢᠨ ᠨᠢᠭᠡᠴᠡ ᠶᠢᠨ ᠠᠵᠢᠯ ᠣᠯᠤᠭᠰᠠᠨ ᠬᠥᠮᠦᠰ ᠤᠨ ᠰᠠᠷ᠎ᠠ ᠶᠢᠨ ᠳᠤᠮᠳᠠᠴᠢ ᠴᠠᠯᠢᠩ ᠤᠨ 300% ᠶᠢ | ᠰᠦᠢᠳᠭᠡᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ᠃ | 2 ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠪᠠᠷᠢᠮᠵᠢᠶ᠎ᠠ ᠳᠤ ᠣᠷᠣᠯᠴᠠᠨ᠎ᠠ᠃ ᠳᠡᠭᠡᠷ᠎ᠡ | ᠳᠤᠷᠠᠳᠤᠭᠰᠠᠨ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠢᠭᠡᠴᠡ ᠳᠤ ᠠᠵᠢᠯ ᠣᠯᠤᠭᠰᠠᠳ ᠤᠨ | ᠰᠠᠷ᠎ᠠ ᠶᠢᠨ ᠳᠤᠮᠳᠠᠴᠢ ᠴᠠᠯᠢᠩ ᠨᠢ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯᠤᠨ᠎ᠠ᠂ ᠬᠤᠪᠢ ᠬᠥᠮᠦᠨ ᠳᠣᠤᠷ᠎ᠠ | ᠵᠢᠭᠰᠠᠭᠠᠭᠰᠠᠨ ᠪᠠᠷᠢᠮᠵᠢᠶ᠎ᠠ ᠶᠢ ᠰᠣᠩᠭᠤᠵᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢᠶᠠᠨ | ᠲᠤᠰᠢᠶᠠᠬᠤ ᠬᠡᠷᠡᠭᠲᠡᠶ᠄ ︵1︶ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠨᠢᠭᠡᠴᠢ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠬᠠᠷᠢᠴᠠᠯ ︵ᠨᠢᠭᠡᠴᠢ 8 %᠂ ᠬᠤᠪᠢ | ᠬᠥᠮᠦᠨ 2 %︶ ᠶᠣᠰᠣᠭᠠᠷ ᠪᠦᠬᠦ ᠲᠤᠭ᠎ᠠ ᠪᠠᠷ ᠨᠢ ᠰᠦᠢᠳᠭᠡᠯ ᠲᠤᠰᠢᠶᠠᠭᠰᠠᠨ ᠪᠠᠶᠢᠪᠠᠯ᠂ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠣᠯᠭᠤᠮᠵᠢ ᠶᠢ ᠬᠦᠷᠲᠡᠨ᠎ᠡ᠃ ᠬᠤᠪᠢ ᠬᠥᠮᠦᠨ ᠤ ᠲᠠᠩᠰᠠᠨ ᠡᠷᠦᠭᠡ ᠶᠢ ᠪᠠᠶᠢᠭᠤᠯᠤᠨ᠎ᠠ᠃ ︵2︶ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠡ ᠶᠢᠨ | ᠰᠦᠢᠳᠭᠡᠯ ᠲᠤᠰᠢᠶᠠᠬᠤ ᠬᠠᠷᠢᠴᠠᠯ ᠠᠴᠠ ᠳᠣᠣᠷ᠎ᠠ ᠦᠭᠡᠢ 80% ᠪᠠᠷ ᠰᠦᠢᠳᠬᠡᠯ ᠲᠤᠰᠢᠶᠠᠭᠰᠠᠨ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠰᠠᠭᠤᠬᠤ ᠪᠠ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ | ᠬᠦᠷᠲᠡᠵᠦ᠂ ᠬᠤᠪᠢ ᠬᠥᠮᠦᠨ ᠤ ᠳᠠᠩᠰᠠᠨ ᠡᠷᠦᠬᠡ ᠪᠠᠶᠢᠭᠤᠯᠬᠤ ᠦᠭᠡᠢ᠃ | 3 ᠠᠵᠢᠯ ᠠᠴᠠ ᠪᠠᠨ ᠪᠠᠭᠤᠵᠤ ᠠᠮᠠᠷᠠᠭᠰᠠᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠳᠤ ᠣᠷᠣᠯᠴᠠᠨ᠎ᠠ᠃ 2016 ᠤᠨ ᠤ 1 | ᠰᠠᠷ᠎ᠠ ᠶᠢᠨ 1 ᠤ ᠡᠳᠦᠷ ᠠᠴᠠ ᠡᠮᠦᠨ᠎ᠡ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤᠯᠤᠰ ᠤᠨ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠭᠤᠬᠤ ᠨᠠᠰᠤᠨ ᠳᠤ ᠬᠦᠷᠴᠦ᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ︵ᠵᠠᠷᠤᠳᠠᠯ | ᠲᠤᠰᠢᠶᠠᠭᠰᠠᠨ ᠢᠶᠠᠷ ᠦᠵᠡᠬᠦ ᠵᠢᠯ ᠬᠤᠭᠤᠴᠠᠭ᠎ᠠ ᠪᠠᠭᠲᠠᠨ᠎ᠠ︶ ᠨᠢ ᠨᠡᠶᠢᠲᠡ ᠲᠣᠭᠲᠠᠭᠰᠠᠨ ᠵᠢᠯ ᠬᠤᠭᠤᠴᠠᠭ᠎ᠠ ︵ | ᠡᠮᠡᠭᠲᠡᠶ 25 ᠵᠢᠯ᠂ ᠡᠷᠡᠭᠲᠡᠶ 30 ᠵᠢᠯ ᠬᠦᠷᠦᠭᠰᠡᠨ︶ ᠪᠤᠶᠤ ᠪᠣᠳᠠᠲᠠᠶ ᠵᠠᠷᠤᠳᠠᠯ ᠲᠤᠰᠢᠶᠠᠭᠰᠠᠨ ᠵᠢᠯ | ᠬᠤᠭᠤᠴᠠᠭ᠎ᠠ ᠨᠢ ᠨᠡᠶᠢᠲᠡ 15 ᠵᠢᠯ ᠪᠣᠯᠤᠭᠰᠠᠨ ᠪᠠᠶᠢᠪᠠᠯ᠂ ᠨᠠᠰᠤᠨ ᠤ ᠠᠮᠠᠷᠠᠯᠲᠠ ᠠᠪᠤᠭᠰᠠᠨ ᠤ ᠳᠠᠷᠠᠭ᠎ᠠ ᠠᠵᠢᠯᠲᠠᠨ | ᠠᠵᠢᠯᠴᠢᠨ ᠬᠤᠪᠢ ᠬᠥᠮᠦᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠵᠠᠷᠤᠳᠠᠯ ᠢ ᠳᠠᠭᠢᠵᠤ ᠲᠤᠰᠢᠶᠠᠬᠤ | ᠥᠬᠡᠶ᠂ ᠲᠡᠭᠦᠨ ᠤ ᠤᠤᠯ ᠤᠨ ᠪᠠᠶᠢᠭ᠎ᠠ ᠨᠢᠭᠡᠴᠢ ᠨᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ | ᠦᠷᠭᠦᠯᠵᠢᠯᠡᠨ ᠲᠤᠰᠢᠶᠠᠬᠤ ᠨᠢᠭᠡᠴᠢ ᠬᠡᠰᠡᠭ︔ 2016 ᠤᠨ 1 ᠰᠠᠷ᠎ᠠ ᠶᠢᠨ 1 ᠤ ᠡᠳᠦᠷ ᠠᠴᠠ ᠡᠬᠢᠯᠡᠨ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ | ᠬᠥᠮᠦᠨ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠴᠦ᠂ ᠲᠡᠷᠡᠴᠢᠯᠡᠨ ᠨᠡᠶᠢᠲᠡ | ᠰᠤᠶᠢᠳᠭᠡᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 25 ᠵᠢᠯ ᠪᠣᠯᠤᠭᠰᠠᠨ ᠪᠣᠯ᠂ ᠠᠵᠢᠯ ᠠᠴᠠ ᠪᠠᠨ | ᠠᠮᠠᠷᠠᠭᠰᠠᠨ ᠤ ᠳᠠᠷᠠᠭ᠎ᠠ ᠨᠢᠭᠡᠴᠡ ᠪᠣᠯᠤᠨ ᠬᠤᠪᠢ ᠬᠥᠮᠦᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠤᠶᠢᠳᠭᠡᠯ ᠲᠤᠰᠢᠶᠠᠬᠤ ᠦᠭᠡᠶ᠃ 2002 ᠣᠨ ᠠᠴᠠ ᠡᠮᠦᠨ᠎ᠡ ᠠᠵᠢᠯ ᠳᠤ ᠤᠷᠤᠭᠰᠠᠨ ᠤᠨ ᠵᠢᠯ ᠢ ᠵᠠᠷᠤᠳᠠᠯ | ᠲᠤᠰᠢᠶᠠᠭᠰᠠᠨ ᠤᠨ ᠵᠢᠯ ᠢᠶᠠᠷ ᠦᠵᠡᠨ᠎ᠡ᠃ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠤᠪᠢ ᠬᠥᠮᠦᠨ ᠤᠯᠤᠰ ᠤᠨ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ | ᠬᠦᠷᠴᠦ᠂ ᠨᠡᠶᠢᠲᠡ ᠰᠤᠶᠢᠳᠭᠡᠯ ᠲᠤᠰᠢᠶᠠᠭᠰᠠᠨ ᠵᠢᠯ ᠬᠤᠭᠤᠴᠠᠭ᠎ᠠ ᠨᠢ ᠲᠣᠭᠲᠠᠭᠰᠠᠨ ᠵᠢᠯ ᠬᠤᠭᠤᠴᠠᠭ᠎ᠠ ᠳᠤ | ᠬᠦᠷᠦᠭᠰᠡᠨ ᠥᠬᠡᠶ ᠪᠠᠶᠢᠪᠠᠯ᠂ ᠳᠡᠭᠡᠷ᠎ᠡ ᠵᠢᠯ ᠤᠨ ᠰᠤᠶᠢᠳᠭᠡᠯ ᠲᠤᠰᠢᠶᠠᠬᠤ ᠪᠠᠷᠢᠮᠵᠢᠶ᠎ᠠ ᠶᠣᠰᠣᠭᠠᠷ ᠦᠯᠡᠳᠡᠭᠰᠡᠨ | ᠬᠤᠭᠤᠴᠠᠭᠠᠨ ᠤ ᠲᠤᠰᠢᠶᠠᠬᠤ ᠶᠣᠰᠣᠲᠠᠶ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠤᠶᠢᠳᠭᠡᠯ ᠢ ᠨᠢᠭᠡ | ᠯᠡ ᠤᠳᠠᠭ᠎ᠠ ᠳᠤ ᠲᠤᠰᠢᠶᠠᠨ᠎ᠠ︔ ᠪᠠᠰᠠ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠢᠶᠠᠷ ᠵᠢᠯ ᠳᠠᠷᠠᠭᠠᠯᠠᠨ | ᠲᠤᠰᠢᠶᠠᠯᠭᠠᠵᠤ᠂ ᠬᠤᠭᠤᠴᠠᠭᠠᠨ ᠳᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠠᠷᠠᠭᠠᠯᠵᠠᠯ ᠢ ᠬᠦᠷᠳᠡᠵᠦ ᠪᠣᠯᠤᠨ᠎ᠠ᠃ ᠦᠯᠡᠳᠡᠭᠰᠡᠨ ᠬᠤᠭᠤᠴᠠᠭᠠᠨ ᠤ ᠵᠠᠷᠤᠳᠠᠯ ᠢ ᠨᠥᠬᠦᠵᠦ | ᠭᠦᠢᠴᠡᠳᠭᠡᠭᠰᠡᠨ ᠤ ᠳᠠᠷᠠᠭ᠎ᠠ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠭᠰᠠᠨ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠭᠡᠨ᠎ᠡ᠃ | ︵ᠬᠤᠶᠠᠷ︶ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠤᠯᠭᠤᠮᠵᠢ ᠶᠢᠨ ᠪᠠᠷᠢᠮᠵᠢᠶ᠎ᠠ | 1 ᠬᠤᠪᠢ ᠬᠥᠮᠦᠨ ᠤ ᠳᠠᠩᠰᠠᠨ ᠡᠷᠦᠬᠡ ᠳᠤ ᠪᠣᠳᠣᠵᠤ ᠣᠷᠣᠭᠤᠯᠬᠤ ᠪᠠᠷᠢᠮᠵᠢᠶ᠎ᠠ᠃ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠦᠮᠦᠨ ᠤ | ᠲᠠᠩᠰᠠᠨ ᠡᠷᠦᠬᠡ ᠳᠤ ᠣᠷᠣᠭᠤᠯᠬᠤ ᠬᠠᠷᠢᠴᠠᠯ ᠨᠢ 45 ᠨᠠᠰᠤᠨ ᠠᠴᠠ ᠳᠣᠷᠣᠭᠰᠢ ︵45 ᠨᠠᠰᠤ ᠪᠠᠭᠲᠠᠨ᠎ᠠ︶ | ᠬᠤᠪᠢ ᠬᠥᠮᠦᠨ ᠤ ᠵᠢᠯ ᠤᠨ ᠰᠤᠶᠢᠳᠭᠡᠯ ᠲᠤᠰᠢᠶᠠᠬᠤ ᠰᠠᠭᠤᠷᠢ ᠲᠤᠭ᠎ᠠ ᠶᠢᠨ 3.5% ᠪᠣᠯᠤᠨ᠎ᠠ︔ 45 | ᠨᠠᠰᠤᠨ ᠠᠴᠠ ᠳᠡᠭᠡᠭᠰᠢᠬᠢ ᠨᠠᠰᠤᠨ ᠤ ᠠᠮᠠᠷᠠᠯᠲᠠ ᠠᠪᠬᠤ ᠠᠴᠠ ᠠᠪᠤᠭᠠᠳ ᠲᠣᠰ ᠬᠥᠮᠦᠨ ᠤ ᠵᠢᠯ ᠤᠨ ᠰᠤᠶᠢᠳᠭᠡᠯ | ᠲᠤᠰᠢᠶᠠᠬᠤ ᠰᠠᠭᠤᠷᠢ ᠲᠣᠭᠠᠨ ᠤ 3.55% ᠳᠤ ᠬᠤᠪᠢᠶᠠᠷᠢᠯᠠᠨ ᠣᠷᠣᠭᠤᠯᠪᠠ︔ ᠠᠵᠢᠯ ᠠᠴᠠ ᠪᠠᠨ ᠠᠮᠠᠷᠠᠭᠰᠠᠳ ︵ | ᠤᠯᠤᠰ ᠤᠨ ᠥᠮᠴᠢᠯᠡᠯᠲᠦ ᠡᠭᠦᠳᠡ ᠪᠠᠨ ᠬᠠᠭᠠᠵᠤ ᠳᠠᠮᠫᠤᠷᠠᠭᠰᠠᠨ ᠠᠵᠤ ᠠᠬᠤᠶᠢᠯᠠᠯ ᠪᠠᠭᠲᠠᠬᠤ ᠥᠬᠡᠶ︶ ᠢ ᠲᠣᠰ | ᠬᠥᠮᠦᠨ ᠤ ᠣᠨ ᠤ ᠰᠤᠶᠢᠳᠭᠡᠯ ᠲᠤᠰᠢᠶᠠᠬᠤ ᠰᠠᠭᠤᠷᠢ ᠲᠣᠭᠠᠨ ᠤ 3.6% ᠳᠤ ᠬᠤᠪᠢᠶᠠᠷᠢᠯᠠᠨ ᠤᠷᠤᠭᠤᠯᠪᠠ︔ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠣᠶᠣᠯ ᠤᠨ ᠬᠤᠪᠢᠰᠬᠠᠯ ᠤᠨ ᠰᠠᠭᠤᠷᠢ ᠵᠡᠮᠳᠡᠭᠴᠦᠳ ᠲᠤ ᠲᠤᠰ | ᠬᠥᠮᠦᠨ ᠤ ᠵᠢᠯ ᠤᠨ ᠰᠦᠢᠳᠬᠡᠯ ᠲᠤᠰᠢᠶᠠᠬᠤ ᠰᠠᠭᠤᠷᠢ ᠲᠣᠭᠠᠨ ᠤ 3.65% ᠳᠤ ᠬᠤᠪᠢᠶᠠᠷᠢᠯᠠᠨ ᠣᠷᠣᠭᠤᠯᠵᠤ᠂ | ᠠᠵᠤ ᠠᠬᠤᠶᠢᠯᠠᠯ ᠤᠨ ᠰᠣᠶᠣᠯ ᠤᠨ ᠬᠤᠪᠢᠰᠬᠠᠯ ᠤᠨ ᠰᠠᠭᠤᠷᠢ ᠵᠡᠮᠳᠡᠭᠴᠦᠳ ᠲᠤ ᠲᠣᠰ ᠬᠥᠮᠦᠨ ᠤ ᠵᠢᠯ ᠤᠨ | ᠰᠤᠶᠢᠳᠭᠡᠯ ᠲᠤᠰᠢᠶᠠᠬᠤ ᠰᠠᠭᠤᠷᠢ ᠲᠣᠭᠠᠨ ᠤ 8.1% ᠳᠤ ᠬᠤᠪᠢᠶᠠᠷᠢᠯᠠᠨ ᠣᠷᠣᠭᠤᠯᠤᠨ᠎ᠠ᠃ ︵ᠬᠤᠪᠢ | ᠬᠥᠮᠦᠨ ᠤ ᠲᠠᠩᠰᠠᠨ ᠳᠤ ᠪᠤᠳᠤᠵᠤ ᠣᠷᠣᠭᠤᠯᠬᠤ ᠪᠠᠷᠢᠮᠵᠢᠶ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ︶ | 2 ᠬᠤᠳᠠ ᠶᠢᠨ ᠭᠠᠳᠠᠨ᠎ᠠ ᠰᠢᠯᠵᠢᠵᠦ ᠡᠮᠨᠡᠭᠦᠯᠬᠦ ᠡᠮᠨᠡᠯᠭᠡ ᠳᠤ ᠰᠠᠭᠤᠬᠤ ᠰᠤᠶᠢᠳᠭᠡᠯ ᠤᠨ ᠨᠠᠭᠠᠳᠤ ᠵᠠᠬ᠎ᠠ ᠶᠢᠨ | ᠪᠠᠷᠢᠮᠵᠢᠶ᠎ᠠ | 3 ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠥᠨᠳᠥᠷ ᠥᠭᠬᠦ ᠬᠢᠵᠠᠭᠠᠷ ᠲᠤᠭ᠎ᠠ ᠶᠢᠨ ᠪᠠᠷᠢᠮᠵᠢᠶ᠎ᠠ ᠂ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠬᠦᠨᠳᠦ ᠡᠪᠡᠳᠴᠢᠨ ᠤ | ᠳᠠᠭᠠᠳᠬᠠᠯ ᠪᠠᠭᠲᠠᠨ᠎ᠠ︶ ᠳᠤ ᠣᠷᠣᠯᠴᠠᠭᠰᠠᠨ ᠨᠢᠭᠡ ᠤᠨ ᠳᠣᠲᠣᠷ᠎ᠠ ᠬᠠᠮᠤᠭ ᠤᠨ ᠥᠨᠳᠥᠷ ᠥᠭᠬᠦ ᠬᠢᠵᠠᠭᠠᠷ | ᠲᠤᠭ᠎ᠠ ᠨᠢ 26 ᠲᠦᠮᠡᠨ ᠲᠥᠭᠦᠷᠢᠭ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ | ᠥᠨᠳᠥᠷ ᠲᠡᠭᠡᠨ 12 ᠲᠦᠮᠡᠨ ᠲᠥᠭᠦᠷᠢᠭ ᠵᠠᠷᠤᠴᠠᠭᠤᠯᠤᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ | ᠠᠵᠢᠯᠴᠢᠨ ᠤ ᠨᠢᠭᠡ ᠳᠠᠭᠠᠳᠬᠠᠯ ᠳᠤ ᠣᠷᠣᠯᠴᠠᠭᠰᠠᠨ ᠤᠨ ᠳᠣᠲᠣᠷᠠᠬᠢ ᠡᠮ ᠡᠮᠨᠡᠯᠭᠡ ᠶᠢᠨ ᠵᠠᠷᠤᠳᠠᠯ ᠤᠨ | ᠡᠮᠨᠡᠯᠭᠡ ᠶᠢᠨ ᠳᠠᠭᠠᠳᠬᠠᠯ ᠤᠨ ᠨᠡᠶᠢᠲᠡ ᠬᠠᠮᠤᠭ ᠥᠨᠳᠥᠷ ᠥᠭᠬᠦ ᠬᠢᠵᠠᠭᠠᠷ ᠲᠤᠭ᠎ᠠ ᠨᠢ 38 ᠲᠦᠮᠡᠨ ᠲᠥᠭᠦᠷᠢᠭ᠂ | ᠬᠠᠮᠤᠭ ᠥᠨᠳᠥᠷ ᠥᠭᠬᠦ ᠬᠢᠵᠠᠭᠠᠷ ᠲᠤᠭ᠎ᠠ ᠠᠴᠠ ᠬᠡᠲᠦᠷᠡᠭᠰᠡᠨ ᠡᠮ ᠡᠮᠨᠡᠯᠭᠡ ᠶᠢᠨ ᠳᠠᠭᠠᠳᠬᠠᠯ ᠤᠨ | ᠵᠠᠷᠤᠳᠠᠯ ᠤᠨᠲ᠋ᠣᠲᠣᠷ᠎ᠠ ᠳᠠᠬᠢᠵᠤ ᠳᠠᠩᠰᠠᠨ ᠠᠴᠠ ᠲᠠᠶᠢᠯᠬᠤ ᠦᠭᠡᠢ᠃ | 4ᠡᠮᠨᠡᠯᠭᠡ ᠳᠤ ᠰᠠᠭᠤᠭᠰᠠᠨ ᠣᠨᠴᠠᠭᠠᠶ ᠪᠠᠶᠢᠴᠠᠭᠠᠯᠲᠠ᠂ ᠣᠨᠴᠠᠭᠠᠶ ᠡᠮᠴᠢᠯᠡᠭᠡ ᠵᠢᠴᠢ ᠣᠨᠴᠠᠭᠠᠶ | ᠮᠠᠲ᠋ᠧᠷᠢᠶᠠᠯ ᠤᠨ ᠥᠭᠬᠦ ᠪᠠᠷᠢᠮᠵᠢᠶ᠎ᠠ ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮᠨᠡᠯᠭᠡ ᠳᠤ | ᠰᠠᠭᠤᠬᠤ ᠬᠤᠭᠤᠴᠠᠭᠠᠨ ᠳᠠᠬᠢ ᠣᠨᠴᠠᠭᠠᠢ ᠪᠠᠶᠢᠴᠠᠭᠠᠯᠳᠡ᠂ ᠣᠨᠴᠠᠭᠠᠢ ᠵᠠᠰᠠᠯᠲᠠ ᠳᠤ ᠡᠭᠦᠰᠦᠭᠰᠡᠨ ᠵᠠᠷᠤᠳᠠᠯ ᠢ | ᠤᠷᠢᠳᠠᠪᠠᠷ ᠥᠪᠡᠷᠲᠡᠭᠡᠨ 20% ᠪᠠᠷ ᠲᠤᠰᠢᠶᠠᠵᠤ᠂ ᠦᠯᠡᠳᠡᠭᠰᠡᠨ ᠵᠠᠷᠤᠳᠠᠯ ᠢ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ | ᠳᠥᠯᠥᠬᠦ ᠪᠠᠷᠢᠮᠵᠢᠶ᠎ᠠ ᠶᠣᠰᠣᠭᠠᠷ ᠬᠡᠰᠡᠭ ᠬᠤᠪᠢᠶᠠᠨ ᠲᠠᠩᠰᠠ ᠲᠠᠶᠢᠯᠬᠤ ᠬᠡᠷᠡᠭᠲᠡᠶ︔ ᠤᠯᠤᠰ ᠲᠠᠭᠠᠨ | ᠤᠶᠢᠯᠡᠳᠪᠤᠷᠢᠯᠡᠭᠰᠡᠨ ᠣᠨᠴᠠᠭᠠᠶ ᠮᠠᠲ᠋ᠧᠷᠢᠶᠠᠯ ᠤᠨ ᠵᠠᠷᠤᠳᠠᠯ ᠢ ᠤᠷᠢᠳᠠᠪᠠᠷ ᠥᠪᠡᠰᠦᠪᠡᠨ 20% ᠪᠠᠷ ᠲᠤᠰᠢᠶᠠᠵᠤ᠂ | ᠦᠯᠡᠳᠡᠭᠰᠡᠨ ᠵᠠᠷᠤᠳᠠᠯ ᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠪᠠᠷᠢᠮᠵᠢᠶ᠎ᠠ ᠶᠣᠰᠣᠭᠠᠷ ᠬᠡᠰᠡᠭ ᠬᠤᠪᠢᠶᠠᠨ | ᠲᠠᠩᠰᠠ ᠲᠠᠶᠢᠯᠬᠤ ᠬᠡᠷᠡᠭᠲᠡᠶ︔ ᠭᠠᠳᠠᠭᠠᠳᠤ ᠠᠴᠠ ᠣᠷᠣᠭᠤᠯᠤᠭᠰᠠᠨ ᠤᠨᠴᠠᠭᠠᠢ ᠮᠠᠲ᠋ᠧᠷᠢᠶᠠᠯ ᠤᠨ ᠵᠠᠷᠤᠳᠠᠯ ᠢ | ᠤᠷᠢᠳᠠᠪᠠᠷ ᠥᠪᠡᠷ ᠢᠶᠠᠷ 50% ᠪᠠᠨ ᠲᠤᠰᠢᠶᠠᠵᠤ᠂ ᠦᠯᠡᠳᠡᠪᠦᠷᠢ ᠵᠠᠷᠤᠳᠠᠯ ᠢ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ | ᠥᠭᠬᠦ ᠪᠠᠷᠢᠮᠵᠢᠶ᠎ᠠ ᠶᠣᠰᠣᠭᠠᠷ ᠬᠡᠰᠡᠭ ᠬᠤᠪᠢᠶᠠᠨ ᠳᠠᠩᠰᠠ ᠲᠠᠶᠢᠯᠬᠤ ᠬᠡᠷᠡᠭᠲᠡᠶ᠃ | 5 ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠵᠤᠭᠤᠰ ᠲᠤᠰᠢᠶᠠᠬᠤ ᠪᠠᠷᠢᠮᠵᠢᠶ᠎ᠠ᠂ ᠠᠵᠢᠯᠲᠠᠨ | ᠠᠵᠢᠯᠴᠢᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠤᠤᠯ ᠬᠥᠬᠡᠭᠴᠢᠨ ᠲᠥᠷᠥᠯ ᠤᠨ | ᠡᠪᠡᠳᠴᠢᠨ ᠤ ᠲᠥᠷᠥᠯ ᠤᠨ ᠳᠠᠬᠢᠨ ᠤᠷᠭᠤᠬᠤ ᠰᠠᠭᠠᠲᠠᠯ ᠤᠨ ᠴᠢᠨᠠᠷᠲᠠᠶ ᠴᠢᠰᠤ ᠳᠤᠲᠠᠬᠤ᠂ ᠳᠤᠮᠳᠠ ᠴᠢᠮᠥᠭᠡᠨ ᠤ | ᠶᠠᠰᠤ ᠦᠬᠦᠵᠢᠬᠦ᠂ ᠰᠢᠰᠲ᠋ᠧᠮᠲᠦ ᠴᠢᠨᠠᠷᠲᠠᠶ ᠤᠯᠠᠭᠠᠨ ᠲᠣᠯᠪᠣᠲᠤ ᠶᠢᠨ ᠶᠠᠷ᠎ᠠ᠂ ᠬᠦᠨᠳᠦ ᠡᠪᠡᠳᠴᠢᠨ ᠤ ᠪᠤᠯᠴᠢᠩ | ᠬᠦᠴᠦ ᠥᠬᠡᠶ ᠪᠣᠯᠬᠤ ᠶᠢ ᠬᠥᠬᠡ ᠲᠥᠷᠥᠯ ᠤᠨ ᠡᠪᠡᠳᠴᠢᠨ ᠤ ᠵᠤᠶᠢᠯ ᠪᠣᠯᠭᠠᠨ ᠳᠣᠭᠢᠷᠠᠭᠤᠯᠤᠨ᠎ᠠ︔ ᠠᠩᠬᠠᠨ ᠤ | C ᠲᠥᠷᠥᠯ ᠤᠨ ᠡᠪᠡᠳᠴᠢᠨ ᠤ ᠲᠥᠷᠥᠯ ᠤᠨ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠳᠤ ᠬᠠᠲᠠᠭᠤᠷᠠᠯ᠂ | ᠲᠤᠯᠠᠢ ᠡᠪᠡᠳᠴᠢᠨ ︵ᠬᠥᠳᠡᠯᠬᠦ ᠬᠤᠭᠤᠴᠠᠭ᠎ᠠ︶ ᠨᠢ ᠬᠥᠬᠡᠭᠴᠢᠨ ᠲᠥᠷᠥᠯ ᠤᠨ ᠡᠪᠡᠳᠴᠢᠨ ᠤ ᠵᠤᠶᠢᠯ ᠪᠣᠯᠵᠣ | ᠲᠤᠬᠢᠷᠠᠭᠤᠯᠤᠭᠳᠠᠳᠠᠭ᠃ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ ᠳᠤ ᠬᠠᠲᠠᠭᠤᠷᠠᠬᠤ ᠡᠪᠡᠳᠴᠢᠨ ᠤ ᠵᠦᠢᠯ ᠤᠨ | ᠨᠡᠷᠡᠶᠢᠳᠦᠯ ᠢ ᠨᠡᠩ ᠴᠤ ᠡᠯᠢᠭᠡᠨ ᠬᠠᠲᠠᠭᠤᠷᠠᠯ ᠭᠡᠵᠦ ᠥᠭᠡᠷᠡᠴᠢᠯᠡᠨ᠎ᠡ᠃ ᠤᠯᠠᠭᠠᠨ ᠲᠦᠷᠦᠯ ᠤᠨ ᠡᠪᠡᠳᠴᠢᠨ ᠤ | ᠲᠦᠷᠦᠯ ᠨᠢ ᠰᠤᠳᠠᠯ ᠤᠨ ᠦᠷᠪᠢᠰᠦᠯ᠂ ᠮᠥᠩᠭᠦᠨ ᠦᠷᠦᠪᠳᠡᠰᠦ ᠶᠢᠨ ᠡᠪᠡᠳᠴᠢᠨ᠂ ᠬᠥᠬᠡᠭᠴᠢᠨ ᠬᠡᠯᠪᠡᠷᠢ ᠶᠢᠨ | ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ ︵ᠡᠮ ᠢᠶᠠᠷ ᠵᠠᠰᠠᠬᠤ︶᠂ ᠬᠥᠰᠢᠬᠦ ᠴᠢᠨᠠᠷᠲᠠᠢ ᠪᠠᠭᠠᠨ᠎ᠠ ᠨᠢᠷᠤᠭᠤᠨ ᠤ | ᠦᠷᠪᠢᠰᠦᠯ ᠢ ᠰᠢᠨ᠎ᠡ ᠪᠠᠷ ᠨᠡᠮᠡᠭᠳᠡᠭᠦᠯᠦᠨ᠎ᠡ᠃ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ | ᠡᠪᠡᠳᠴᠢᠨ ᠤ ᠡᠬᠢᠯᠡᠵᠦ ᠥᠭᠬᠦ ᠱᠤᠭᠤᠮ ᠢ ᠮᠦᠨ ᠤᠤᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ | ᠳᠠᠭᠠᠳᠬᠠᠯ ᠳᠤ ᠣᠷᠣᠯᠴᠠᠭᠰᠠᠨ ᠨᠢᠭᠡ ᠵᠢᠯ ᠤᠨ ᠳᠣᠲᠣᠷ᠎ᠠ ᠵᠥᠪᠬᠡᠨ ᠨᠢᠭᠡ ᠯᠡ ᠤᠳᠠᠭ᠎ᠠ ᠡᠬᠢᠯᠡᠵᠦ ᠥᠭᠬᠦ | ᠱᠤᠭᠤᠮ ᠢ ᠬᠠᠰᠤᠨ᠎ᠠ᠃ | ᠳᠥᠷᠪᠡ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠰᠠᠭᠤᠷᠢ ᠮᠦᠩᠬᠦ ᠶᠢᠨ ᠬᠠᠮᠢᠶᠠᠷᠤᠯᠲᠠ ᠶᠢ ᠴᠢᠩᠭᠠᠳᠬᠠᠨ᠎ᠠ | ︽ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ᠂ ᠱᠠᠲᠤ ᠬᠤᠪᠢᠶᠠᠨ ᠡᠭᠦᠷᠭᠡᠯᠡᠬᠦ᠂ ᠣᠷᠣᠯᠭ᠎ᠠ ᠪᠠᠷ | ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠪᠠᠭ᠎ᠠ ᠦᠯᠡᠳᠡᠪᠦᠷᠢ ᠲᠠᠢ | ᠪᠠᠶᠢᠯᠭᠠᠬᠤ︾ ᠵᠠᠷᠴᠢᠮ ᠤᠨ ᠶᠣᠰᠣᠭᠠᠷ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠮᠢᠶᠠᠷᠬᠤ ᠪᠠ | ᠬᠡᠷᠡᠭᠯᠡᠬᠦ ᠬᠡᠷᠡᠭᠲᠡᠶ᠃ ᠪᠦᠬᠦ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠦᠩᠬᠦ ᠶᠢ ᠬᠤᠲᠠ ᠶᠢᠨ ᠡᠳ᠋ ᠤᠨ ᠵᠠᠰᠠᠭ ᠤᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠲᠤᠰᠬᠠᠢ ᠡᠷᠦᠬᠡ ᠳᠤ ᠣᠷᠣᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠠᠭᠠᠷ ᠳᠠᠩᠰᠠ ᠪᠠᠶᠢᠭᠤᠯᠬᠤ᠂ ᠳᠠᠩᠰᠠ ᠬᠤᠪᠢᠶᠠᠨ ᠲᠣᠭᠠᠴᠠᠭ᠎ᠠ ᠬᠢᠬᠦ᠂ | ᠲᠤᠰᠬᠠᠶ ᠵᠣᠭᠤᠰ ᠢ ᠲᠤᠰᠬᠠᠶ ᠬᠡᠷᠡᠭᠯᠡᠬᠦ ᠤᠯᠤᠰ ᠤᠨ ᠨᠢᠭᠡᠳᠦᠯᠲᠡᠶ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ | ᠲᠦᠷᠢᠮ᠂ ᠨᠢᠭᠲᠠᠯᠠᠨ ᠪᠤᠳᠤᠬᠤ ᠲᠦᠷᠢᠮ ᠪᠠ ᠲᠥᠰᠦᠪ ᠪᠠ ᠲᠥᠰᠦᠪ ᠤᠨ ᠭᠦᠢᠴᠡᠳᠭᠡᠯ ᠤᠨ ᠲᠦᠷᠢᠮ ᠢ | ᠬᠡᠷᠡᠭᠵᠢᠭᠦᠯᠦᠨ᠎ᠡ᠃ ᠱᠠᠲᠤ ᠬᠤᠪᠢᠶᠠᠨ ᠬᠠᠮᠢᠶᠠᠷᠬᠤ᠂ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ ᠶᠢ | ᠪᠠᠷᠢᠮᠲᠠᠯᠠᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ | ᠲᠠᠲᠠᠪᠤᠷᠢᠯᠠᠬᠤ᠂ ᠬᠢᠨᠠᠨ ᠬᠠᠮᠢᠶᠠᠷᠬᠤ᠂ ᠵᠠᠷᠤᠯᠭ᠎ᠠ ᠪᠠ ᠡᠮ ᠡᠮᠨᠡᠯᠭᠡ ᠶᠢᠨ ᠵᠠᠷᠤᠳᠠᠯ ᠢ ᠬᠢᠵᠠᠭᠠᠷᠯᠠᠬᠤ ᠵᠡᠷᠭᠡ | ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠪᠠ | ᠬᠤᠲᠠ᠂ ᠬᠤᠰᠢᠭᠤ ᠰᠢᠶᠠᠨ ᠬᠤᠲᠠ ᠲᠣᠭᠤᠷᠢᠭ ᠬᠤᠶᠠᠷ ᠱᠠᠲᠤᠨ ᠤ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ | ᠲᠣᠭᠲᠠᠴᠠ ᠶᠢ ᠪᠠᠶᠢᠭᠤᠯᠤᠨ᠎ᠠ᠃ | ︵ᠨᠢᠭᠡ︶ ᠰᠠᠭᠤᠷᠢ ᠮᠥᠩᠭᠦᠨ ᠤ ᠬᠠᠮᠢᠶᠠᠷᠤᠯᠲᠠ | 1 ᠰᠠᠭᠤᠷᠢ ᠮᠥᠩᠭᠦᠨ ᠤ ᠬᠠᠮᠢᠶᠠᠷᠤᠯᠲᠠ ᠶᠢ ᠨᠢᠭᠡᠳᠬᠡᠨ᠎ᠡ᠃ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠳᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠲᠤᠰᠬᠠᠶ ᠡᠷᠦᠬᠡ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠪᠦᠬᠦ ᠲᠤᠭ᠎ᠠ ᠪᠠᠷ ᠲᠠᠲᠠᠪᠤᠷᠢᠯᠠᠨ ᠲᠤᠰᠢᠶᠠᠬᠤ ᠶᠢ | ᠬᠠᠷᠢᠭᠤᠴᠠᠵᠤ᠂ ᠲᠡᠷᠡᠴᠢᠯᠡᠨ 2020 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ᠂ ᠰᠠᠷ᠎ᠠ ᠪᠠᠷ | ᠬᠤᠲᠠ ᠶᠢᠨ ᠱᠠᠲᠤᠨ ᠤ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠴᠠᠭ ᠲᠤᠬᠠᠶ ᠳᠤᠨᠢ ᠮᠡᠳᠡᠭᠦᠯᠦᠨ᠎ᠡ᠃ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠡᠭᠦᠨ ᠤ ᠳᠤ ᠬᠠᠮᠲᠤ ᠲᠤᠬᠠᠶ ᠶᠢᠨ ᠭᠠᠵᠠᠷ ᠤᠨ | ᠡᠳ᠋ ᠤᠨ ᠵᠠᠰᠠᠭ ᠤᠨ ᠲᠣᠪᠴᠢᠶ᠎ᠠ ᠪᠣᠯᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠠᠮᠲᠤᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠪᠣᠯᠤᠨ ᠬᠤᠲᠠ ᠶᠢᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠴᠤᠬᠤᠯᠠᠪᠤᠷᠢᠯᠠᠨᠠ᠃ ᠬᠤᠲᠠ ᠶᠢᠨ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦᠨ ᠤ ᠲᠥᠰᠦᠪ ᠢ ᠦᠨᠳᠦᠰᠦᠯᠡᠨ᠂ ᠡᠯ᠎ᠡ ᠭᠠᠵᠠᠷ ᠤᠨ | ᠵᠠᠷᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠨᠢ ᠲᠤᠬᠢᠷᠠᠭᠤᠯᠤᠨ ᠬᠤᠷᠢᠶᠠᠩᠭᠤᠶᠢᠯᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠪᠡᠯᠡ ᠮᠥᠩᠭᠦ ᠬᠡᠷᠡᠭᠯᠡᠬᠦ | ᠲᠥᠯᠥᠪᠯᠡᠭᠡ ᠪᠠᠨ ᠨᠢᠭᠡᠳᠦᠯᠲᠡᠢ ᠳᠤ ᠮᠡᠳᠡᠭᠦᠯᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ | ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠲᠤᠰᠬᠠᠢ ᠳᠠᠩᠰᠠᠨ ᠡᠷᠦᠬᠡ ᠳᠤ ᠴᠠᠭ ᠲᠤᠬᠠᠢ ᠳᠤᠨᠢ ᠰᠠᠯᠭᠠᠨ | ᠥᠭᠭᠦᠨ᠎ᠡ᠃ ᠬᠤᠲᠠ ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ | ᠭᠠᠷᠳᠠᠨ ᠬᠢᠬᠦ ᠪᠠᠶᠢᠭᠤᠯᠤᠮᠵᠢ ᠲᠣᠭᠲᠠᠭᠠᠯ ᠶᠣᠰᠣᠭᠠᠷ ᠲᠤᠰ ᠬᠠᠷᠢᠶ᠎ᠠ ᠣᠷᠣᠨ ᠤ ᠪᠠᠨ ᠴᠢᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠨ ᠬᠥᠮᠦᠰ ᠯᠦᠭᠡ ᠴᠠᠭ ᠲᠤᠬᠠᠶ ᠳᠤᠨᠢ ᠳ᠋ᠦᠩᠨᠡᠨ | ᠪᠣᠳᠣᠨ᠎ᠠ᠃ | 2 ᠰᠠᠭᠤᠷᠢ ᠮᠥᠩᠭᠦ ᠶᠢ ᠢᠯᠭᠠᠷᠠᠭᠤᠯᠤᠨ ᠪᠤᠳᠤᠬᠤ ᠶᠢ ᠨᠢᠭᠡᠳᠬᠡᠨ᠎ᠡ᠃ ᠰᠠᠭᠤᠷᠢ ᠮᠥᠩᠭᠦ ᠶᠢ ᠢᠯᠭᠠᠷᠠᠭᠤᠯᠤᠨ | ᠪᠠᠶᠢᠴᠠᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠲᠠ ᠶᠢᠨ ᠵᠠᠰᠠᠭ ᠤᠨ | ᠣᠷᠳᠣᠨ ᠲᠦᠷᠦᠭᠦᠯᠡᠨ ᠬᠢᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠲᠤᠪᠴᠢᠶ᠎ᠠ᠂ ᠬᠤᠲᠠ ᠶᠢᠨ ᠬᠢᠨᠠᠨ ᠪᠣᠳᠣᠬᠤ ᠲᠣᠪᠴᠢᠶ᠎ᠠ᠂ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠢᠯᠭᠠᠷᠠᠭᠤᠯᠤᠨ ᠪᠠᠶᠢᠴᠠᠭᠠᠬᠤ | ᠠᠵᠢᠯ ᠤᠨ ᠳᠤᠭᠤᠶᠢᠯᠠᠩ ᠢ ᠪᠦᠷᠢᠯᠳᠦᠭᠦᠯᠵᠦ᠂ ᠵᠢᠯ ᠪᠦᠷᠢ ᠶᠢᠨ 3 ᠰᠠᠷ᠎ᠠ ᠳᠤ ᠳᠡᠭᠡᠷ᠎ᠡ ᠵᠢᠯ ᠤᠨ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ | ᠲᠤᠰᠢᠶᠠᠭᠰᠠᠨ᠂ ᠬᠡᠷᠡᠭᠯᠡᠭᠰᠡᠨ ᠵᠡᠷᠭᠡ ᠪᠠᠶᠢᠳᠠᠯ ᠢ ᠢᠯᠭᠠᠷᠠᠭᠤᠯᠤᠨ ᠪᠠᠶᠢᠴᠠᠭᠠᠨ᠎ᠠ᠃ ᠪᠠᠰᠠ ᠪᠠᠶᠢᠴᠠᠭᠠᠨ ᠲᠣᠳᠣᠯᠠᠭᠰᠠᠨ | ᠮᠡᠳᠡᠭᠦᠯᠦᠯᠲᠡ ᠶᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠪᠡ᠃ | 3 ᠰᠠᠭᠤᠷᠢ ᠮᠥᠩᠭᠦ ᠶᠢ ᠨᠢᠭᠡᠳᠦᠯᠲᠡᠶ ᠪᠣᠯᠭᠠᠨ᠎ᠠ᠃ 2020 ᠣᠨ ᠤ 8 ᠳ᠋ᠤᠭᠠᠷ ᠰᠠᠷ᠎ᠠ ᠶᠢᠨ 1 ᠤ | ᠡᠳᠦᠷ ᠠᠴᠠ ᠡᠮᠦᠨ᠎ᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯᠳᠡᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ︵ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠᠭᠲᠠᠨ᠎ᠠ︶ | ᠶᠢᠨ ᠡᠳ᠋ ᠤᠨ ᠵᠠᠰᠠᠭ ᠤᠨ ᠲᠤᠰᠬᠠᠶ ᠡᠷᠦᠬᠡ ᠶᠢᠨ ᠥᠩᠬᠦᠷᠢᠭᠡ ᠦᠯᠡᠳᠡᠪᠦᠷᠢ ᠶᠢ ᠪᠥᠬᠦ ᠲᠠᠯ᠎ᠠ ᠪᠠᠷ ᠳᠡᠭᠡᠭᠰᠢ | ᠬᠤᠲᠠ ᠶᠢᠨ ᠡᠳ᠋ ᠤᠨ ᠵᠠᠰᠠᠭ ᠤᠨ ᠲᠤᠰᠬᠠᠶ ᠲᠠᠩᠰᠠᠨ ᠳᠤ ᠰᠢᠯᠵᠢᠭᠦᠯᠦᠨ ᠣᠷᠣᠭᠤᠯᠤᠨ᠎ᠠ᠃ ᠡᠯ᠎ᠡ ᠭᠠᠵᠠᠷ ᠤᠨ ᠬᠢᠨ | ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠴᠠ ᠡᠮᠦᠨ᠎ᠡ ᠥᠷᠢᠲᠦᠵᠦ ᠪᠠᠶᠢᠭ᠎ᠠ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ᠂ ᠥᠭᠬᠦ ᠶᠣᠰᠣᠲᠠᠶ ᠦᠭᠡᠶ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠪᠣᠯᠤᠨ | ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠳᠤᠲᠠᠭᠳᠠᠯ ᠵᠡᠷᠭᠡ ᠪᠤᠶ ᠪᠦᠬᠦᠢ ᠥᠷᠢ ᠥᠭᠴᠡᠭᠡ ᠵᠠᠷᠴᠢᠮ | ᠳᠡᠭᠡᠷ᠎ᠡ ᠪᠠᠨ 2020 ᠣᠨ ᠤ ᠵᠢᠯ ᠤᠨ ᠰᠡᠭᠦᠯᠴᠢ ᠠᠴᠠ ᠡᠮᠦᠨ᠎ᠡ ᠢᠯᠭᠠᠷᠠᠭᠤᠯᠤᠨ ᠳᠠᠭᠤᠰᠬᠠᠨ᠎ᠠ᠃ ᠡᠳ᠋ ᠤᠨ | ᠵᠠᠰᠠᠭ ᠤᠨ ᠪᠡᠯᠡ ᠮᠥᠩᠭᠦ ᠴᠤᠭᠯᠠᠭᠤᠯᠬᠤ ᠪᠠ ᠰᠦᠢᠳᠬᠡᠯ ᠥᠷᠢᠲᠦᠬᠦ ᠶᠢ ᠢᠯᠭᠠᠷᠠᠭᠤᠯᠬᠤ ᠨᠢ ᠦᠨᠡᠬᠡᠷ | ᠬᠦᠴᠢᠷᠳᠡᠯ ᠲᠠᠢ ᠭᠠᠵᠠᠷ ᠣᠷᠣᠨ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ 3 — 5 | ᠵᠢᠯ ᠤᠨ ᠬᠤᠭᠤᠴᠠᠭ᠎ᠠ ᠲᠠᠢ ᠲᠥᠯᠥᠬᠦ ᠲᠦᠯᠦᠪᠯᠡᠭᠡ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ᠂ ᠲᠥᠯᠥᠪᠯᠡᠭᠡ ᠶᠣᠰᠣᠭᠠᠷ ᠭᠦᠢᠴᠡᠳ ᠲᠤᠭ᠎ᠠ ᠪᠠᠷ ᠬᠤᠲᠠ ᠶᠢᠨ ᠡᠳ᠋ ᠤᠨ | ᠵᠠᠰᠠᠭ ᠤᠨ ᠲᠤᠰᠬᠠᠶ ᠳᠠᠩᠰᠠᠨ ᠳᠤ ᠣᠷᠣᠭᠤᠯᠬᠤ ᠬᠡᠷᠡᠭᠲᠡᠶ᠃ 2020 ᠣᠨ ᠤ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠲᠣᠰ ᠵᠢᠯ ᠤᠨ ᠡᠳ᠋ ᠤᠨ ᠵᠠᠰᠠᠭ ᠤᠨ ᠪᠠᠯᠠ ᠴᠤᠭᠯᠠᠭᠤᠯᠭ᠎ᠠ ᠶᠢ ᠭᠦᠢᠴᠡᠳᠲ᠋ᠤᠭᠠ ᠪᠠᠷ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠶᠢᠰᠢᠳᠠ ᠡᠳ᠋ ᠤᠨ ᠵᠠᠰᠠᠭ ᠤᠨ ᠪᠠᠯᠠ | ᠴᠤᠭᠯᠠᠭᠤᠯᠤᠯᠲᠠ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | | ︵ᠬᠤᠶᠠᠷ︶ ᠪᠠᠲᠤᠯᠠᠭ᠎ᠠ ᠶᠢᠨ ᠠᠷᠭ᠎ᠠ ᠬᠡᠮᠵᠢᠶ᠎ᠡ | 1 ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠤᠨ | ᠬᠠᠮᠢᠶᠠᠷᠤᠯᠲᠠ ᠪᠠ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠵᠢᠯ ᠪᠦᠷᠢ ᠬᠤᠲᠠ ᠵᠢᠴᠢ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠪᠠᠶᠢᠭᠤᠯᠭ᠎ᠠ ᠠᠵᠢᠯ ᠤᠶᠢᠯᠡᠰ ᠤᠨ | ᠨᠢᠭᠡᠴᠡ ᠶᠢᠨ ᠠᠵᠢᠯᠲᠠᠨ ᠠᠵᠢᠯᠴᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠡᠤᠬᠡᠳ ᠠᠪᠬᠤ | ᠳᠠᠭᠠᠳᠬᠠᠯ ᠤᠨ ᠵᠠᠷᠤᠳᠠᠯ ᠪᠠᠭᠲᠠᠨ᠎ᠠ ᠤᠯᠤᠰ ᠤᠨ ᠥᠮᠴᠢᠯᠡᠯᠲᠦ ᠡᠭᠦᠳᠡ ᠪᠠᠨ ᠬᠠᠭᠠᠵᠤ ᠳᠠᠮᠫᠤᠷᠠᠭᠰᠠᠨ ᠠᠵᠤ | ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠢᠵᠢ | ᠪᠦᠷᠢᠳᠦᠭᠦᠯᠬᠦ ᠪᠡᠯᠡ ᠮᠥᠩᠭᠦ ᠪᠣᠯᠤᠨ᠎ᠠ᠃ ᠲᠣᠰ ᠵᠢᠯ ᠤᠨ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ | ᠭᠦᠢᠴᠡᠳ ᠲᠤᠭ᠎ᠠ ᠪᠠᠷ ᠣᠷᠣᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠰᠠᠯᠭᠠᠨ ᠥᠭᠴᠦ | ᠪᠣᠳᠠᠲᠠᠶᠢᠵᠢᠭᠤᠯᠬᠤ ᠬᠡᠷᠡᠭᠲᠡᠶ᠃ ᠲᠥᠰᠦᠪ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ | ᠂ ᠵᠥᠪᠰᠢᠶᠡᠷᠡᠭᠰᠡᠨ ᠲᠥᠰᠦᠪ ᠪᠠ ᠲᠤᠭᠳᠠᠭᠠᠭᠰᠠᠨ ᠵᠢᠷᠤᠮ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠶ᠂ | ᠳᠤᠷ᠎ᠠ ᠪᠠᠷ ᠢᠶᠠᠨ ᠲᠣᠬᠢᠷᠠᠭᠤᠯᠵᠤ ᠪᠤᠯᠬᠤ ᠦᠭᠡᠢ᠃ ᠭᠦᠢᠴᠡᠳᠬᠡᠬᠦ ᠳᠤᠮᠳᠠ ᠣᠨᠴᠠᠭᠠᠢ ᠪᠠᠶᠢᠳᠠᠯ ᠠᠴᠠ ᠪᠣᠯᠵᠤ | ᠵᠠᠷᠤᠯᠭ᠎ᠠ ᠪᠠᠨ ᠨᠡᠮᠡᠭᠳᠡᠭᠦᠯᠬᠦ ᠪᠤᠶᠤ ᠣᠷᠣᠯᠭ᠎ᠠ ᠪᠠᠨ ᠪᠠᠭᠠᠰᠬᠠᠬᠤ ᠴᠢᠬᠤᠯᠠᠲᠠᠶ ᠪᠣᠯᠵᠤ᠂ ᠰᠠᠭᠤᠷᠢ ᠮᠥᠩᠭᠦᠨ ᠤ | ᠲᠥᠰᠦᠪ ᠢ ᠲᠣᠬᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠰᠠᠭᠤᠷᠢ ᠮᠥᠩᠭᠦᠨ ᠤ ᠲᠦᠰᠦᠪ ᠢ | ᠲᠣᠬᠢᠷᠠᠭᠤᠯᠬᠤ ᠵᠢᠷᠤᠮ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ | 2 ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦ ᠶᠢᠨ ᠬᠠᠷᠠᠯᠲᠠᠲᠤ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ | ᠰᠠᠭᠤᠷᠢ ᠮᠥᠩᠭᠦ ᠲᠠᠲᠠᠪᠤᠷᠢᠯᠠᠬᠤ ᠵᠡᠷᠭᠡ ᠬᠠᠷᠠᠯᠲᠠᠲᠤ ᠡᠭᠦᠷᠭᠡ ᠶᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠵᠠᠰᠠᠭ ᠤᠨ ᠣᠷᠳᠣᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠬᠡᠪᠴᠢᠶᠡᠨ ᠳᠤ | ᠣᠷᠣᠭᠤᠯᠬᠤ ᠬᠡᠷᠡᠭᠲᠡᠶ᠃ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠵᠢᠯ ᠤᠨ ᠡᠭᠦᠷᠭᠡ ᠶᠢᠨ ᠬᠠᠷᠠᠯᠲᠠ ᠶᠢ | ᠨᠠᠷᠢᠯᠢᠭᠵᠢᠭᠤᠯᠤᠨ ᠬᠡᠮᠵᠢᠵᠦ᠂ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠬᠠᠷᠠᠯᠲᠠᠲᠤ ᠬᠠᠷᠢᠭᠤᠴᠠᠯᠭ᠎ᠠ ᠶᠢ | ᠰᠢᠯᠭᠠᠨ ᠬᠢᠨᠠᠬᠤ ᠠᠷᠭ᠎ᠠ ᠶᠢ ᠪᠠᠶᠢᠭᠤᠯᠵᠤ᠂ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠱᠠᠩᠨᠠᠵᠤ ᠲᠣᠷᠭᠠᠬᠤ | ᠠᠷᠭ᠎ᠠ ᠬᠡᠮᠵᠢᠶ᠎ᠡ ᠶᠢ ᠴᠢᠩᠳᠠᠯᠠᠨ᠎ᠠ᠃ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠬᠤ ᠪᠣᠳᠠᠲᠠᠶ ᠠᠷᠭ᠎ᠠ ᠶᠢ | ᠬᠤᠲᠠ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠠᠰ ᠲᠤᠨᠢ ᠲᠣᠭᠲᠠᠭᠠᠨ᠎ᠠ᠃ | 3 ᠰᠠᠭᠤᠷᠢ ᠮᠥᠩᠭᠦᠨ ᠤ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠎ᠠ᠃ | ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠴᠠ ᠡᠮᠦᠨ᠎ᠡ ᠪᠣᠢ ᠪᠣᠯᠤᠭᠰᠠᠨ ᠰᠠᠭᠤᠷᠢ ᠮᠥᠩᠭᠦ ᠶᠢᠨ | ᠲᠤᠳᠠᠭᠳᠠᠯ ᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠦᠬᠦ ᠲᠤᠭ᠎ᠠ ᠪᠠᠷ ᠡᠭᠦᠷᠭᠡᠯᠡᠨ᠎ᠡ᠃ ᠬᠤᠲᠠ ᠶᠢᠨ | ᠱᠠᠲᠤᠨ ᠤ ᠨᠢᠭᠡᠳᠦᠯᠲᠡᠶ ᠲᠥᠯᠥᠪᠵᠢᠭᠦᠯᠦᠭᠰᠡᠨ ᠤ ᠳᠠᠷᠠᠭ᠎ᠠ ᠪᠤᠶ ᠪᠣᠯᠤᠭᠰᠠᠨ ᠰᠠᠭᠤᠷᠢ ᠮᠥᠩᠭᠦ ᠶᠢ ᠬᠤᠲᠠ᠂ | ᠬᠤᠰᠢᠭᠤ ᠰᠢᠶᠠᠨ ᠬᠤᠲᠠ ᠲᠣᠭᠤᠷᠢᠭ ᠤᠨ ᠬᠤᠶᠠᠷ ᠱᠠᠲᠤᠨ ᠤ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠵᠦ᠂ | ᠪᠣᠳᠠᠲᠠᠶ ᠬᠤᠪᠢᠳᠠᠨ ᠡᠭᠦᠷᠭᠡᠯᠡᠬᠦ ᠲᠣᠭᠲᠠᠴᠠ ᠶᠢ ᠠᠰ ᠲᠤᠨᠢ ᠲᠣᠭᠲᠠᠭᠠᠨ᠎ᠠ᠃ | 4ᠰᠠᠭᠤᠷᠢ ᠮᠥᠩᠭᠦᠨ ᠤ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ | ᠱᠠᠲᠤᠨ ᠤ ᠨᠢᠭᠡᠳᠦᠯᠲᠡᠶ ᠲᠥᠯᠥᠪᠵᠢᠭᠦᠯᠦᠭᠰᠡᠨ ᠤ ᠳᠠᠷᠠᠭ᠎ᠠ᠂ ᠬᠤᠲᠠ ᠪᠠ ᠡᠯ᠎ᠡ ᠬᠤᠰᠢᠭᠤ ᠰᠢᠶᠠᠨ ᠬᠤᠲᠠ | ᠲᠣᠭᠤᠷᠢᠭ ᠬᠠᠮᠲᠤᠪᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠬᠠᠮᠢᠶᠠᠷᠤᠯᠲᠠ ᠶᠢ | ᠬᠠᠷᠢᠭᠤᠴᠠᠨ᠎ᠠ᠃ ᠬᠤᠲᠠ ᠬᠢᠭᠡᠳ ᠬᠤᠰᠢᠭᠤ ᠰᠢᠶᠠᠨ ᠬᠤᠲᠠ ᠲᠣᠭᠤᠷᠢᠭ ᠤᠨ ᠬᠤᠶᠠᠷ ᠱᠠᠲᠤᠨ ᠤ ᠡᠮᠨᠡᠯᠭᠡ ᠶᠢᠨ | ᠳᠠᠭᠠᠳᠬᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠩᠬᠢ ᠵᠡᠷᠭᠡ ᠰᠠᠯᠠᠭ᠎ᠠ ᠮᠥᠴᠢᠷ᠂ ᠲᠣᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ | ᠵᠠᠷᠤᠯᠭ᠎ᠠ ᠶᠢᠨ ᠳᠠᠩᠰᠠ ᠬᠠᠷ᠎ᠠ ᠶᠢ ᠬᠠᠷᠭᠤᠭᠤᠯᠬᠤ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠳᠤᠷ ᠬᠢᠵᠦ᠂ | ᠳᠠᠩᠰᠠ ᠪᠠ ᠪᠣᠳᠠᠲᠤ ᠪᠠᠶᠢᠳᠠᠯ ᠨᠢ ᠬᠠᠷᠢᠯᠴᠠᠨ ᠨᠡᠶᠢᠴᠡᠭᠰᠡᠨ᠂ ᠳᠠᠩᠰᠠ ᠪᠠ ᠭᠡᠷᠡᠴᠢ ᠨᠢ ᠬᠠᠷᠢᠯᠴᠠᠨ ᠨᠡᠶᠢᠴᠡᠭᠰᠡᠨ᠂ | ᠳᠠᠩᠰᠠ ᠪᠠ ᠬᠦᠰᠦᠨᠦᠭᠲᠦ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠶ᠃ | ᠰᠠᠭᠤᠷᠢ ᠮᠥᠩᠭᠦᠨ ᠤ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠰᠠᠭᠤᠷᠢ ᠮᠥᠩᠭᠦᠨ ᠤ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ | ᠴᠠᠭ ᠲᠤᠬᠠᠶ ᠳᠤᠨᠢ ᠥᠷᠨᠢᠭᠦᠯᠵᠦ᠂ ᠰᠠᠭᠤᠷᠢ ᠮᠦᠩᠬᠦ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠠᠭᠤᠷᠢ | ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ | ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢ | ᠴᠢᠩᠭᠠᠳᠬᠠᠵᠤ᠂ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠪᠠᠶᠢᠳᠠᠯ ᠢ ᠴᠢᠩᠭ᠎ᠠ ᠬᠢᠨᠠᠨ | ᠡᠵᠡᠮᠳᠡᠬᠦ ᠪᠠ ᠲᠥᠰᠦᠭᠡᠯᠡᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠠᠶᠤᠯ ᠲᠦᠭᠰᠢᠭᠦᠷᠢ | ᠭᠠᠷᠤᠭᠰᠠᠨ ᠦᠶ᠎ᠡ ᠳᠤ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠴᠠᠭ ᠲᠤᠬᠠᠶ ᠳᠤᠨᠢ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠳᠡᠵᠦ᠂ ᠠᠶᠤᠯ ᠲᠦᠭᠰᠢᠭᠦᠷᠢ ᠪᠠᠷ ᠨᠡᠯᠢᠶᠡᠳ | ᠬᠦᠨᠳᠦ ᠭᠠᠵᠠᠷ ᠣᠷᠣᠨ ᠳᠤ ᠰᠠᠷ᠎ᠠ ᠪᠠᠷ ᠰᠠᠭᠤᠷᠢ ᠮᠥᠩᠭᠦ ᠶᠢᠨ ᠠᠵᠢᠯᠯᠠᠭᠠᠨ ᠤ ᠲᠣᠬᠢᠷᠠᠭᠤᠯᠤᠯᠲᠠ ᠬᠢᠨ᠎ᠡ᠃ | ᠰᠢᠪᠠᠳᠠᠨ ᠰᠢᠢᠳᠪᠤᠷᠢᠯᠡᠭᠦᠯᠬᠦ ᠲᠣᠳᠣᠷᠬᠠᠶ ᠬᠠᠭᠤᠳᠠᠰᠤ ᠪᠠ ᠪᠣᠳᠠᠲᠠᠶ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ | ᠴᠢᠬᠤᠯᠠᠲᠠᠶ ᠦᠶ᠎ᠡ ᠳᠤ ᠬᠤᠲᠠ ᠶᠢᠨ ᠵᠠᠰᠠᠭ ᠤᠨ ᠣᠷᠳᠣᠨ ᠳᠤ ᠳᠡᠪᠰᠢᠭᠦᠯᠦᠨ ᠰᠤᠳᠤᠯᠤᠨ ᠰᠢᠢᠳᠪᠤᠷᠢᠯᠡᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ | 5 ᠠᠵᠢᠯᠲᠠᠨ ᠤ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠨ᠎ᠡ᠃ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢ ᠬᠤᠲᠠ ᠶᠢᠨ ᠲᠡᠰ ᠤᠨ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠭᠦᠷᠭᠡ | ᠴᠢᠳᠠᠪᠤᠷᠢ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠶᠢᠨ ᠲᠥᠯᠥᠭᠡ᠂ ᠡᠯ᠎ᠡ ᠱᠠᠲᠤᠨ ᠤ ᠡᠮᠨᠡᠯᠭᠡ ᠶᠢᠨ | ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠭᠠᠷᠳᠠᠨ ᠬᠢᠬᠦ ᠪᠠᠶᠢᠭᠤᠯᠤᠮᠵᠢ ᠨᠤᠭᠤᠳ ᠠᠵᠢᠯ ᠤᠨ ᠬᠦᠴᠦᠨ ᠢᠶᠠᠨ | ᠵᠣᠬᠢᠴᠠᠩᠭᠤᠶ ᠪᠠᠷ ᠨᠡᠮᠡᠭᠳᠡᠭᠦᠯᠵᠦ᠂ ᠬᠤᠲᠠ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠲᠤᠭ᠎ᠠ | ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠵᠢᠯᠲᠠᠨ ᠤ ᠣᠷᠣᠨ ᠲᠤᠭ᠎ᠠ ᠪᠣᠯᠤᠨ ᠠᠯᠪᠠᠨ ᠠᠵᠢᠯ ᠤᠨ | ᠵᠠᠷᠤᠳᠠᠯ ᠳᠤ ᠪᠠᠲᠤᠯᠠᠭ᠎ᠠ ᠣᠯᠭᠤᠬᠤ ᠬᠡᠷᠡᠭᠲᠡᠶ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1 ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠪᠦᠬᠦ ᠬᠤᠲᠠ ᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠪᠣᠯᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠶᠢᠨ | ᠲᠥᠰᠦᠪ ᠪᠣᠯᠤᠨ ᠲᠥᠰᠦᠪ ᠤᠨ ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ | ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠬᠤᠲᠠ | ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ | ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | | 2 ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠪᠠ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠭᠡᠯ ᠢ ᠬᠢᠨᠠᠨ ᠬᠠᠷᠭᠤᠭᠤᠯᠬᠤ | ᠠᠵᠢᠯ ᠢ ᠬᠠᠷᠢᠭᠤᠴᠠᠬᠤ ᠶᠢᠨ ᠬᠠᠮᠲᠤ ᠰᠠᠭᠤᠷᠢ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠬᠦ ᠶᠢ ᠦᠨᠡᠨᠬᠦ | ᠪᠠᠲᠤᠯᠠᠬᠤ ᠬᠡᠷᠡᠭᠲᠡᠶ᠃ | 3 ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠦᠬᠦ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠰᠦᠢᠳᠬᠡᠯ ᠲᠠᠳᠠᠪᠤᠷᠢᠯᠠᠬᠤ ᠠᠵᠢᠯ ᠢ ᠬᠠᠷᠢᠭᠤᠴᠠᠵᠤ᠂ ᠴᠠᠭ ᠲᠤᠬᠠᠢ ᠳᠤᠨᠢ ᠲᠠᠲᠠᠪᠤᠷᠢᠯᠠᠨ ᠲᠤᠰᠢᠶᠠᠵᠤ | ᠬᠥᠮᠥᠷᠭᠡ ᠳᠤ ᠤᠷᠤᠭᠤᠯᠬᠤ ᠶᠢ ᠪᠠᠲᠤᠯᠠᠨ᠎ᠠ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ | ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠠᠵᠢᠯ ᠢ | ᠬᠠᠮᠲᠤᠪᠠᠷ ᠠᠬᠢᠭᠤᠯᠬᠤ ᠬᠡᠷᠡᠭᠲᠡᠶ᠃ ︽ᠵᠠᠰᠠᠭ ᠤᠨ ᠣᠷᠳᠣᠨ ᠨᠢᠭᠡᠳᠦᠯᠲᠡᠶ ᠵᠣᠬᠢᠶᠠᠨ ᠪᠠᠶᠢᠭᠤᠯᠵᠤ᠂ ᠣᠯᠠᠨ | ᠲᠠᠯ᠎ᠠ ᠶᠢᠨ ᠬᠢᠨ ᠬᠠᠮᠵᠢᠯᠴᠠᠨ ᠬᠠᠮᠵᠢᠯᠴᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠬᠤᠷᠢᠶᠠᠬᠤ ᠶᠤᠰᠤᠳᠠᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ᠃ | 4 ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ | ᠰᠠᠶᠢᠲᠤᠷ ᠬᠢᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ | ᠵᠣᠯᠭᠠᠭᠤᠯᠬᠤ ᠶᠢ ᠰᠠᠶᠢᠳᠦᠷ ᠬᠢᠬᠦ ᠬᠡᠷᠡᠭᠲᠡᠶ᠃ | 5 ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠳᠠᠭᠠᠳᠬᠠᠯ ᠳᠤ ᠣᠷᠣᠯᠴᠠᠭᠰᠠᠳ ᠢ ᠬᠥᠲᠥᠯᠥᠨ ᠵᠢᠯᠤᠭᠤᠳᠴᠦ | ᠣᠶᠤᠨᠴᠢ ᠪᠠᠷ ᠡᠮᠨᠡᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠵᠢᠴᠢ ᠦᠨᠳᠤᠰᠤᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠤᠶᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠬᠦ ᠵᠡᠷᠭᠡ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠴᠢᠨᠠᠷ ᠰᠠᠶᠢᠲᠠᠶ ᠡᠮᠴᠢᠯᠡᠭᠡ ᠡᠷᠡᠭᠦᠯ | ᠬᠠᠮᠠᠭᠠᠯᠠᠯ ᠤᠨ ᠤᠶᠢᠯᠡᠴᠢᠯᠡᠭᠡ ᠬᠦᠷᠲᠡᠬᠦ ᠶᠢ ᠨᠠᠩ ᠰᠠᠶᠢᠲᠤᠷ ᠪᠠᠲᠤᠯᠠᠨ᠎ᠠ᠃ | 6 ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠢᠨᠠᠨ ᠪᠣᠳᠣᠬᠤ ᠪᠠᠶᠢᠭᠤᠯᠭ᠎ᠠ | ᠡᠯ᠎ᠡ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠬᠢᠨᠠᠯᠲᠠ ᠲᠠᠯᠪᠢᠬᠤ᠂ ᠪᠠᠶᠢᠴᠠᠭᠠᠬᠤ᠂ | ᠬᠢᠨᠠᠨ ᠪᠣᠳᠣᠬᠤ ᠠᠵᠢᠯ ᠢ ᠰᠠᠶᠢᠲᠤᠷ ᠬᠢᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ | 7 ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠳ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠲᠤ ᠬᠠᠮᠢᠶ᠎ᠠ ᠪᠦᠬᠦᠢ ᠮᠡᠳᠡᠭᠦᠯᠬᠦ ᠬᠦᠰᠦᠨᠦᠭᠲᠦ ᠶᠢ ᠴᠠᠭ ᠲᠤᠬᠠᠶ ᠳᠤᠨᠢ ᠬᠠᠩᠭᠠᠵᠤ᠂ ᠳᠠᠩᠰᠠ | ᠬᠠᠷᠭᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | 8 ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ | ᠭᠠᠵᠠᠷ ᠣᠷᠣᠨ ᠤ ᠪᠠᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠤᠳᠤᠷᠢᠳᠴᠤ᠂ ᠲᠤᠰ ᠭᠠᠵᠠᠷ ᠣᠷᠣᠨ ᠤ ᠪᠠᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠰᠠᠭᠤᠷᠢ ᠮᠥᠩᠭᠦ ᠲᠠᠲᠠᠪᠤᠷᠢᠯᠠᠬᠤ ᠪᠠ | ᠴᠢᠭ ᠲᠤᠭᠳᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ᠂ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠣᠰᠣᠭᠠᠷ ᠵᠣᠬᠢᠴᠠᠩᠭᠤᠶ ᠠᠵᠢᠯ ᠢ ᠬᠠᠷᠢᠭᠤᠴᠠᠨ᠎ᠠ᠃ | ᠲᠤᠰ ᠲᠥᠰᠦᠯ ᠢ 2020 ᠤᠨ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠲᠤᠰ | ᠬᠤᠲᠠ ᠶᠢᠨ ᠥᠩᠭᠡᠷᠡᠭᠰᠡᠨ ᠳᠤ ᠲᠣᠭᠲᠠᠭᠠᠭᠰᠠᠨ ᠲᠦᠷᠦ ᠶᠢᠨ ᠪᠤᠳᠤᠯᠭ᠎ᠠ ᠨᠢ ᠲᠤᠰ ᠲᠥᠰᠦᠯ ᠲᠠᠢ ᠨᠢᠭᠡᠳᠦᠯ ᠦᠭᠡᠢ | ᠪᠠᠶᠢᠪᠠᠯ᠂ ᠲᠤᠰ ᠲᠥᠰᠦᠯ ᠢᠶᠠᠷ ᠪᠠᠷᠢᠮᠵᠢᠶ᠎ᠠ ᠪᠣᠯᠭᠠᠨ᠎ᠠ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ http://www . liangcheng.gov . | cn/information/lcxzf11561/msg31075780826 . html | | | | |