ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠮᠠᠨ ᠤ ᠰᠢᠶᠠᠨ ᠳᠤ  ᠬᠦᠷᠴᠦ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ  ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/10/19
   10 ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠯᠢ ᠵᠢᠶᠧ ᠨᠡᠷ ᠮᠠᠨ ᠤ ᠰᠢᠶᠠᠨ ᠳᠤ ᠭᠦᠨᠵᠡᠭᠡᠶᠢᠷᠡᠨ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠳ᠋ᠦᠩ ᠹᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠯᠢ  ᠸᠧᠨ ᠪᠠᠷ᠎ᠠ  ᠪᠤᠯᠵᠦ ᠪᠠᠶᠢᠴᠠᠭᠠᠨ ᠰᠤᠳᠤᠯᠤᠯᠳᠡ ᠳᠤ ᠤᠷᠤᠯᠴᠠᠪᠠ᠃
      ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠬᠢᠨ  ᠲᠠᠭ᠎ᠠ ᠶᠢᠨ ᠨᠠᠭᠤᠷ ᠴᠠᠬᠢᠯᠭᠠᠨ ᠤᠶᠢᠯᠡᠳᠪᠤᠷᠢ ᠶᠢᠨ ᠮᠠᠰᠢᠨ ᠴᠣᠭᠴᠠᠯᠠᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠤᠶᠢᠯ᠂ ᠱᠢ ᠶᠣᠣ ᠭᠧᠦ ᠤᠰᠤᠨ ᠤ ᠴᠢᠨᠠᠷ ᠢ ᠬᠢᠨᠠᠨ ᠬᠡᠮᠵᠢᠬᠦ ᠥᠷᠲᠡᠭᠡ᠂ ᠬᠤᠩ ᠮᠤᠤ  ᠪᠠᠯᠭᠠᠰᠤᠨ ᠤ ᠪᠣᠬᠢᠷ ᠤᠰᠤ ᠶᠢ  ᠰᠢᠢᠳᠪᠤᠷᠢᠯᠡᠬᠦ ᠤᠶᠢᠯᠡᠳᠪᠤᠷᠢ᠂ ᠲᠦᠭᠡᠭᠡᠯ ᠤᠰᠤᠨ ᠤ ᠺᠣᠮᠫᠠᠨᠢ ᠶᠢᠨ ᠭᠤᠷᠪᠠᠳᠤᠭᠠᠷ ᠤᠰᠤᠨ ᠰᠤᠷᠪᠤᠯᠵᠢ ᠶᠢᠨ ᠭᠠᠵᠠᠷ ᠪᠣᠯᠤᠨ ᠶᠦᠩ ᠰᠢᠩ ᠤᠰᠤᠨ ᠴᠥᠭᠦᠷᠥᠮ ᠢ ᠪᠠᠶᠢᠴᠠᠭᠠᠨ ᠦᠵᠡᠵᠡᠶ᠃ ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠥᠯᠥᠪᠵᠢᠭᠦᠯᠭᠡ ᠶᠢ  ᠲᠤᠭᠳᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠰᠢᠭᠯᠠᠬᠤ ᠪᠠ ᠤᠰᠤ ᠬᠡᠷᠡᠭᠯᠡᠬᠦ ᠶᠢ ᠬᠢᠨᠠᠨ ᠬᠡᠮᠵᠢᠬᠦ ᠵᠡᠷᠭᠡ ᠲᠠᠯ᠎ᠠ ᠪᠠᠷ ᠬᠠᠤᠯᠢ ᠬᠡᠷᠡᠭᠵᠢᠭᠦᠯᠦᠯᠲᠡ ᠶᠢᠨ  ᠪᠠᠶᠢᠴᠠᠭᠠᠯᠳᠡ ᠬᠢᠪᠡ᠃
        ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠠᠵᠢᠯ ᠤᠨ ᠣᠯᠤᠭᠰᠠᠨ ᠠᠮᠵᠢᠯᠲᠠ ᠶᠢ  ᠭᠦᠢᠴᠡᠳ ᠨᠤᠲᠠᠯᠠᠪᠠ᠃ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠳᠤᠭᠤᠶᠢᠯᠠᠩ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠦᠵᠡᠯ  ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ︽ᠳᠦᠷᠢᠮ︾ ᠢ ᠤᠬᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠱᠠᠲᠤᠨ ᠤ ᠺᠠᠳ᠋ᠷ ᠪᠣᠯᠤᠨ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ᠂ ︽ᠳᠦᠷᠢᠮ︾ ᠤᠨ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠭᠦᠢᠴᠡᠳ ᠲᠠᠨᠢᠵᠤ᠂ ᠪᠦᠬᠦ ᠠᠷᠠᠳ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠶᠢ ᠰᠠᠬᠢᠬᠤ᠂ ᠬᠠᠤᠯᠢ ᠬᠡᠷᠡᠭᠯᠡᠬᠦ᠂ ᠬᠠᠤᠯᠢ ᠬᠡᠷᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠣᠳᠠᠲᠤ  ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠲᠠᠭᠠᠨ ᠢ ᠭᠦᠨᠵᠡᠭᠡᠶ ᠵᠠᠳᠠᠯᠵᠤ᠂ ᠡᠪᠡᠳᠴᠢᠨ ᠳᠤᠨᠢ ᠲᠤᠬᠢᠷᠠᠭᠤᠯᠤᠨ ᠡᠮ ᠥᠭᠴᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ  ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ  ᠰᠢᠢᠳᠪᠤᠷᠢᠯᠡᠬᠦ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠠᠷᠢᠯᠢᠭ ᠬᠠᠮᠢᠶᠠᠷᠴᠤ᠂  ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠬᠡᠷᠡᠭᠯᠡᠵᠦ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
    ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠠᠵᠤ  ᠤᠶᠢᠯᠡᠳᠪᠤᠷᠢ ᠪᠠ ᠮᠡᠳᠡᠭᠡ ᠵᠠᠩᠬᠢᠴᠢᠯᠠᠯᠳᠡ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ  ᠪᠠᠶᠢᠭᠤᠯᠤᠯᠳᠡ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠣᠷᠣᠯᠴᠠᠪᠠ᠃                             ᠰᠤᠷᠪᠤᠯᠵᠢᠯᠠᠭᠴᠢ᠄ ᠴᠧᠨ ᠶᠦᠨ                             ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2