10 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠢᠦᠢ ᠳ᠋ᠠᠶ ᠴᠢᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠠᠬᠢᠭᠤᠯᠵᠤ | ᠪᠠᠶᠢᠭ᠎ᠠ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠶᠦᠩ ᠽᠠᠢ ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᡂᠢ ᠵᠢᠶᠠᠨ ᠹᠧᠩ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | ᠢᠦᠢ ᠳ᠋ᠠᠶ ᠴᠢᠩ ᠨᠡᠷ ᠤᠷᠢᠳ ᠬᠤᠵᠢᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠪᠠ ᠳᠥᠷᠪᠡᠳᠦᠭᠡᠷ | ᠬᠡᠤᠬᠡᠳ ᠤᠨ ᠴᠡᠴᠡᠷᠯᠢᠭ ᠤᠨ ᠲᠥᠷᠥᠯ ᠵᠤᠶᠢᠯ ᠤᠨ ᠲᠤᠬᠠᠶ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ | ᠨᠢᠭᠡᠴᠡ ᠶᠢᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠥᠷᠥᠯ ᠵᠤᠶᠢᠯ ᠢ ᠲᠦᠯᠬᠢᠨ | ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠠᠰᠠᠭᠤᠭᠰᠠᠨ ᠪᠠᠶᠢᠨ᠎ᠠ᠃ ᠳᠠᠷᠠᠭ᠎ᠠ ᠨᠢ | ᠶᠠᠷᠢᠯᠴᠠᠬᠤ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠶ | ᠱᠠᠭᠠᠷᠳᠠᠯᠭ᠎ᠠ ᠳᠤᠷᠠᠳᠪᠠ᠃ | | | | | ᠢᠦᠢ ᠳ᠋ᠠᠶ ᠴᠢᠩ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ | ᠠᠷᠠᠳ ᠤᠨ ᠠᠮᠢᠳᠤᠷᠠᠯ ᠤᠨ ᠲᠥᠷᠥᠯ ᠵᠤᠶᠢᠯ ᠨᠢ ᠲᠦᠭ ᠲᠦᠮᠡᠨ ᠠᠶᠢᠯ ᠡᠷᠦᠬᠡ ᠶᠢᠨ ᠠᠰᠢᠭ ᠲᠤᠰᠠ ᠲᠠᠢ ᠬᠤᠯᠪᠣᠭᠳᠠᠵᠤ᠂ | ᠠᠷᠠᠳ ᠣᠯᠠᠨ ᠤ ᠠᠵᠠ ᠵᠢᠷᠭᠠᠯ ᠲᠠᠢ ᠬᠤᠯᠪᠣᠭᠳᠠᠵᠤ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠶᠠᠭᠠᠷᠠᠵᠤ | ᠪᠠᠶᠢᠭ᠎ᠠ᠂ ᠱᠠᠭᠠᠷᠳᠠᠵᠤ ᠪᠠᠶᠢᠭ᠎ᠠ᠂ ᠬᠦᠰᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠣᠳᠣᠬᠠᠨ ᠤ ᠪᠠᠶᠢᠳᠠᠯ ᠳᠤ | ᠰᠠᠭᠤᠷᠢᠯᠠᠬᠤ ᠮᠥᠷᠲᠡᠭᠡᠨ ᠠᠯᠤᠰ ᠬᠡᠳᠦ ᠶᠢ ᠪᠣᠳᠣᠯᠬᠢᠯᠠᠵᠤ᠂ ᠵᠢᠯ ᠳᠠᠷᠠᠭᠠᠯᠠᠨ ᠠᠵᠢᠯᠯᠠᠵᠤ᠂ ᠨᠢᠭᠡ ᠨᠢᠭᠡ ᠤᠴᠢᠷ | ᠶᠠᠪᠤᠳᠠᠯ ᠢ ᠨᠢᠭᠡ ᠨᠢᠭᠡ ᠪᠠᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠬᠡᠮᠵᠢᠶ᠎ᠡ ᠪᠠᠨ | ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠪᠡ᠃ | | | | | ᠢᠦᠢ ᠳ᠋ᠠᠶ ᠴᠢᠩ ᠴᠢᠬᠤᠯᠠᠴᠢᠯᠠᠭᠰᠠᠨ ᠨᠢ᠂ ᠡᠯ᠎ᠡ ᠲᠥᠷᠥᠯ ᠵᠤᠶᠢᠯ ᠤᠨ ᠬᠠᠷᠢᠭᠤᠴᠠᠯᠭᠠᠲᠤ ᠨᠢᠭᠡᠴᠡ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠯᠠᠨ ᠲᠠᠯ ᠠ ᠶᠢᠨ ᠵᠣᠬᠢᠴᠠᠭᠤᠯᠭ᠎ᠠ ᠶᠢ ᠴᠢᠬᠤᠯᠠᠴᠢᠯᠠᠵᠤ᠂ ᠰᠢᠮᠳᠠᠭᠤᠯᠤᠨ | ᠪᠠᠶᠢᠴᠠᠭᠠᠵᠤ ᠲᠣᠬᠢᠷᠠᠭᠤᠯᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠡ ᠶᠢ ᠴᠢᠩᠭ᠎ᠠ | ᠠᠳᠬᠤᠵᠤ᠂ ᠡᠯ᠎ᠡ ᠵᠤᠶᠢᠯ ᠤᠨ ᠠᠷᠠᠳ ᠤᠨ ᠠᠮᠢᠳᠤᠷᠠᠯ ᠤᠨ ᠲᠥᠷᠥᠯ ᠵᠤᠶᠢᠯ ᠢ ᠡᠷᠲᠡᠬᠡᠨ ᠪᠠᠶᠢᠭᠤᠯᠤᠨ ᠪᠦᠲᠦᠭᠡᠵᠦ᠂ | ᠥᠷᠭᠡᠨ ᠣᠯᠠᠨ ᠲᠦᠮᠡᠨ ᠡᠷᠲᠡ ᠠᠰᠢᠭ ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠲᠥᠷᠥᠯ ᠵᠦᠢᠯ ᠤᠨ ᠪᠠᠷᠢᠯᠭ᠎ᠠ | ᠪᠠᠷᠢᠬᠤ ᠨᠢᠭᠡᠴᠡ ᠪᠠᠷᠢᠯᠭ᠎ᠠ ᠶᠢᠨ ᠠᠵᠢᠯ ᠤᠨ ᠠᠰᠢᠭᠲᠠᠢ ᠴᠠᠭ ᠬᠤᠭᠤᠴᠠᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ | ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠬᠦ ᠪᠠᠶᠢᠯᠳᠤᠭᠠᠨ ᠬᠢᠵᠦ᠂ ᠠᠶᠦᠯᠭᠦᠢ ᠤᠶᠢᠯᠡᠳᠪᠤᠷᠢᠯᠡᠯ | ᠪᠣᠯᠤᠨ ᠪᠠᠷᠢᠯᠭ᠎ᠠ ᠶᠢᠨ ᠶᠠᠰᠤ ᠴᠢᠨᠠᠷ ᠢ ᠴᠢᠬᠤᠯᠠᠴᠢᠯᠠᠵᠤ᠂ ᠡᠯ᠎ᠡ ᠵᠤᠶᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠢᠨᠵᠧᠨᠧᠷᠢᠩ ᠲᠡᠤᠬᠡ ᠪᠠ ᠣᠯᠠᠨ ᠲᠦᠮᠡᠨ ᠤ ᠰᠢᠯᠭᠠᠯᠳᠡ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠥᠷᠭᠡᠨ | ᠣᠯᠠᠨ ᠠᠷᠠᠳ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠲᠠᠢ ᠪᠣᠯᠭᠠᠨ᠎ᠠ | ᠭᠡᠪᠡ᠃ | | | | | ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | ᠰᠤᠷᠪᠤᠯᠵᠢᠯᠠᠭᠴᠢ ᠄ ᠴᠧᠨ ᠶᠦᠨ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |