ᠮᠠᠨ ᠤ ᠰᠢᠶᠠᠨ ᠤ ᠲᠥᠯᠥᠪᠵᠢᠭᠦᠯᠭᠡ ᠶᠢᠨ ᠵᠥᠪᠯᠡᠯ 2020 ᠤᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/23
   10 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ  ᠤ ᠳᠠᠷᠤᠭ᠎ᠠ  ᠢᠦᠢ ᠳ᠋ᠠᠶ ᠴᠢᠩ ᠮᠠᠨ ᠤ ᠰᠢᠶᠠᠨ ᠤ ᠲᠥᠯᠥᠪᠵᠢᠭᠦᠯᠭᠡ ᠶᠢᠨ ᠵᠥᠪᠯᠡᠯ ᠤᠨ 2020 ᠣᠨ ᠤ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ  ᡂᠢ ᠵᠢᠶᠠᠨ ᠹᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠳ᠋ᠦᠩ ᠹᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠤᠤ ᠰᠢᠶᠠ ᠬᠤᠷᠠᠯ ᠳᠤ  ᠤᠷᠤᠯᠴᠠᠪᠠ᠃
        ᠬᠤᠷᠠᠯ ᠠᠴᠠ ᠮᠠᠨ ᠤ ᠰᠢᠶᠠᠨ ᠤ ᠶᠢᠨ ᠬᠠᠶ ᠯᠢ ᠴᠧᠩ ᠤᠨ ᠦᠷᠭᠦᠯᠵᠢᠯᠡᠨ ᠪᠠᠶᠢᠭᠤᠯᠬᠤ ᠲᠥᠷᠥᠯ  ᠵᠤᠶᠢᠯ᠂ ᠸᠠᠨ ᠾᠧ  ᠤᠷᠤᠨ ᠰᠠᠭᠤᠴᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠤᠶᠢᠯ᠂ ᠭᠤᠸᠠᠩ ᠮᠢᠩ ᠵᠡᠭᠦᠨ ᠵᠠᠮ  ᠤᠨ ᠬᠤᠶᠢᠲᠤ ᠵᠠᠮ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠯᠥᠪᠵᠢᠭᠦᠯᠭᠡ ᠶᠢᠨ  ᠲᠦᠷᠦᠯ ᠵᠤᠶᠢᠯ᠂ ᠼᠤᠤ ᠨᠢᠶᠠᠨ  ᠮᠠᠨᠵᠦ ᠦᠨᠳᠦᠰᠦᠳᠡᠨ ᠤ ᠰᠢᠶᠠᠩ ᠤᠨ ᠱᠧᠩ ᠲᠢᠶᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ  ᠤᠶᠢᠯᠡᠴᠢᠯᠡᠭᠡᠨ ᠤ ᠲᠣᠭᠤᠷᠢᠭ ᠤᠨ ᠲᠥᠷᠥᠯ  ᠵᠤᠶᠢᠯ ᠵᠡᠷᠭᠡ ᠪᠠᠷᠢᠯᠭ᠎ᠠ ᠶᠢᠨ  ᠲᠦᠷᠦᠯ ᠵᠤᠶᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠰᠣᠨᠣᠰᠴᠠᠶ᠃ ᠬᠤᠷᠠᠯ ᠳᠤ ᠣᠷᠣᠯᠴᠠᠭᠰᠠᠳ ᠰᠤᠳᠤᠯᠤᠨ ᠶᠠᠷᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠲᠥᠰᠦᠯ ᠢ  ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠳᠤᠷᠠᠳᠪᠠ᠃    ᠢᠦᠢ ᠳ᠋ᠠᠶ ᠴᠢᠩ ᠱᠠᠭᠠᠷᠳᠠᠭᠰᠠᠨ ᠨᠢ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠤᠭᠤᠷᠣᠨᠳᠣ ᠪᠠᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ  ᠪᠤᠭᠤᠮᠳᠠ ᠶᠢ ᠴᠢᠩᠭ᠎ᠠ ᠠᠳᠬᠤᠵᠤ᠂ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢᠨ  ᠤᠶᠢᠯᠡᠴᠢᠯᠡᠭᠡᠨ ᠤ ᠠᠵᠢᠯ ᠢ ᠬᠠᠮᠲᠤᠪᠠᠷ ᠰᠠᠶᠢᠲᠤᠷ ᠬᠢᠵᠦ᠂  ᠬᠤᠯᠪᠤᠭᠳᠠᠯ ᠪᠦᠬᠦᠢ ᠪᠦᠲᠦᠭᠡᠨ ᠪᠠᠶᠢᠭᠤᠯᠬᠤ ᠨᠢᠭᠡᠴᠡ ᠶᠢ ᠵᠢᠯᠣᠭᠤᠳᠤᠨ ᠤᠷᠢᠳᠴᠢᠯᠠᠨ ᠲᠥᠯᠥᠪᠯᠡᠵᠦ᠂ ᠣᠨᠣᠪᠴᠢᠲᠠᠶ  ᠪᠠᠷ ᠲᠣᠭᠲᠠᠭᠠᠯᠭᠠᠨ᠎ᠠ᠃ ᠲᠥᠯᠥᠪᠵᠢᠭᠦᠯᠪᠡ ᠪᠠᠶᠢᠷᠢᠰᠢᠭᠤᠯᠤᠯᠲᠠ᠂ ᠲᠥᠬᠦᠭᠡᠷᠦᠮᠵᠢ ᠢᠵᠢ ᠪᠦᠷᠢᠳᠦᠭᠦᠯᠬᠦ᠂ ᠵᠠᠬ᠎ᠠ ᠳᠡᠯᠭᠡᠭᠦᠷ ᠤᠨ  ᠬᠡᠷᠡᠭᠴᠡᠭᠡ᠂ ᠰᠠᠭᠤᠭᠠᠯᠢ ᠠᠷᠠᠳ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠠᠯᠤᠰ ᠬᠡᠳᠦ᠂ ᠦᠷ᠎ᠡ ᠠᠰᠢᠭ ᠤᠨ ᠬᠠᠷᠠᠭᠠᠰᠤ ᠠᠴᠠ ᠠᠰᠠᠭᠤᠳᠠᠯ ᠢ  ᠰᠢᠢᠳᠪᠤᠷᠢᠯᠡᠬᠦ ᠶᠢ ᠲᠥᠰᠦᠪᠯᠡᠵᠦ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠠᠢ᠃
        ᠢᠦᠢ ᠳ᠋ᠠᠶ ᠴᠢᠩ ᠴᠢᠬᠤᠯᠠᠴᠢᠯᠠᠭᠰᠠᠨ ᠨᠢ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠵᠢᠷᠤᠭ  ᠲᠦᠯᠦᠪᠯᠡᠭᠡᠨ ᠤ ᠨᠢᠭᠡᠴᠡ ᠲᠠᠢ ᠤᠯᠠᠮ ᠨᠢᠭᠡ ᠠᠯᠬᠤᠮ ᠵᠣᠯᠭᠠᠭᠤᠯᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ ᠂ ᠲᠥᠷᠥᠯ ᠵᠦᠢᠯ ᠤᠨ ᠵᠢᠷᠤᠭ ᠲᠥᠯᠥᠪᠯᠡᠭᠡ᠂ ᠪᠦᠲᠦᠭᠡᠨ  ᠪᠠᠶᠢᠭᠤᠯᠤᠯᠳᠡ ᠶᠢᠨ ᠠᠬᠢᠴᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠵᠢᠷᠤᠭ ᠲᠥᠯᠥᠪᠯᠡᠭᠡ ᠬᠢᠵᠦ᠂ ᠰᠠᠭᠤᠭᠠᠯᠢ ᠠᠷᠠᠳ ᠤᠨ ᠵᠢᠵᠢᠭ  ᠲᠤᠭᠤᠷᠢᠭ ᠢ ᠵᠠᠰᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠠᠳᠠᠯ ᠠᠬᠤᠶ ᠶᠢᠨ ᠬᠠᠮᠢᠶᠠᠷᠤᠯᠲᠠ ᠳᠤ ᠬᠡᠷᠡᠭᠯᠡᠬᠦ ᠬᠡᠷ ᠪᠠᠶᠢᠰᠢᠩ᠂ ᠲᠡᠷᠭᠡ ᠵᠣᠭᠰᠣᠭᠠᠬᠤ ᠪᠠᠶᠢᠷᠢ ᠵᠡᠷᠭᠡ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠶᠢᠷᠢᠯᠠᠭᠤᠯᠤᠨ᠎ᠠ᠃ ᠲᠥᠯᠥᠪᠵᠢᠭᠦᠯᠦᠨ ᠵᠢᠷᠤᠵᠤ ᠲᠥᠯᠥᠪᠯᠡᠬᠦ ᠨᠢᠭᠡᠴᠡ ᠣᠯᠠᠨ ᠲᠠᠯ᠎ᠠ ᠠᠴᠠ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ᠂ ᠬᠤᠯᠪᠣᠭᠳᠠᠯ ᠪᠦᠬᠦᠢ ᠬᠦᠷᠢᠶᠡᠨ ᠤ ᠲᠡᠷᠢᠭᠦᠨ ᠤ ᠲᠤᠷᠰᠢᠯᠭ᠎ᠠ ᠪᠣᠯᠤᠨ ᠠᠷᠭ᠎ᠠ ᠪᠠᠷᠢᠯ ᠢ ᠰᠤᠷᠤᠯᠴᠠᠨ ᠲᠣᠯᠢ  ᠪᠤᠯᠭᠠᠵᠤ᠂ ᠲᠤᠰ ᠤᠳᠠᠭᠠᠨ ᠤ ᠬᠤᠷᠠᠯ ᠳᠤ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠯ ᠲᠠᠢ ᠤᠶᠠᠯᠳᠤᠭᠤᠯᠵᠠᠶ᠃ ᠵᠢᠷᠤᠭ ᠲᠥᠯᠥᠪᠯᠡᠭᠡ ᠶᠢᠨ ᠲᠥᠰᠦᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂  ᠲᠦᠯᠦᠪᠵᠢᠭᠦᠯᠭᠡ ᠶᠢ ᠨᠡᠩ ᠢᠯᠡᠭᠦᠦ ᠪᠠᠷᠠᠭᠠᠯᠬᠢᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃     ᠬᠤᠩ ᠮᠤᠤ ᠪᠠᠯᠭᠠᠰᠤ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                             ᠰᠤᠷᠪᠤᠯᠵᠢᠯᠠᠭᠴᠢ  ᠄ ᠯᠢ ᠰᠢᠶᠣᠤ ᠡᠾᠦ᠋ᠢ   ᠴᠧᠨ ᠶᠦᠨ                             ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2