ᠮᠠᠨ ᠤ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
    10 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ  ᠯᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ  ᠿᠧᠨ ᠳ᠋ᠦᠩ ᠮᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠬᠤᠷᠠᠯ ᠳᠤ ᠣᠷᠣᠯᠴᠠᠪᠠ᠃     ᠸᠠᠩ ᠸᠧᠨ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ  ᠤᠷᠤᠯᠳᠤᠭᠠᠨ ᠤ ᠪᠡᠯᠡᠳᠬᠡᠯ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠪᠥᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ  ᠴᠢᠩᠭᠠᠳᠬᠠᠵᠤ᠂ ᠡᠯ᠎ᠡ  ᠵᠤᠶᠢᠯ ᠤᠨ ᠪᠡᠯᠡᠳᠬᠡᠯ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠶᠡᠭᠡ ᠲᠠᠯ᠎ᠠ ᠶᠢᠨ ᠦᠵᠡᠯᠲᠡ ᠶᠢ ᠪᠣᠶ ᠪᠣᠯᠭᠠᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ  ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ  ᠪᠦᠷᠢᠯᠳᠤᠭᠦᠯᠦᠨ᠎ᠡ᠃ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠢᠯ ᠤᠨ ᠡᠭᠦᠷᠭᠡ ᠪᠠᠨ  ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ  ᠪᠠᠳᠤᠯᠠᠬᠤ ᠬᠡᠷᠡᠭᠳᠡᠢ ᠭᠡᠪᠡ᠃     ᠸᠠᠩ ᠸᠧᠨ ᠴᠢᠬᠤᠯᠠᠴᠢᠯᠠᠭᠰᠠᠨ ᠨᠢ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠠᠵᠢᠯ ᠢ ᠰᠠᠶᠢᠲᠤᠷ ᠬᠢᠵᠦ ᠂  ᠭᠦᠢᠴᠡᠳᠭᠡᠬᠦ ᠺᠣᠮᠢᠰ ᠪᠣᠯᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠦᠷᠭᠦᠯᠵᠢ ᠨᠡᠪᠲᠡᠷᠡᠯᠴᠡᠵᠦ᠂ ᠢᠯᠡᠭᠦᠬᠡᠨ  ᠬᠠᠷᠢᠯᠴᠠᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠡᠯ᠎ᠡ  ᠵᠤᠶᠢᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ ᠡᠯ᠎ᠡ ᠲᠤᠰᠬᠠᠶ ᠠᠵᠢᠯ ᠤᠨ ᠳᠤᠭᠤᠶᠢᠯᠠᠩ ᠨᠢ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ  ᠲᠤᠳᠤᠷᠬᠠᠶᠢᠯᠠᠵᠤ᠂ ᠪᠡᠯᠡᠳᠬᠡᠯ ᠠᠵᠢᠯ ᠢ ᠨᠠᠷᠢᠯᠢᠭ ᠠᠳᠬᠤᠵᠤ᠂ ᠪᠣᠳᠠᠲᠠᠢ ᠬᠢᠵᠦ᠂ ᠡᠯ᠎ᠡ ᠪᠡᠯᠡᠳᠬᠡᠯ ᠭᠤᠭᠴᠤᠭ᠎ᠠ ᠶᠢᠨ ᠵᠢᠯᠤᠭᠤᠳᠤᠯᠭ᠎ᠠ ᠶᠢ ᠡᠮᠬᠢ ᠳᠢᠭᠯᠢᠮ ᠲᠠᠢ᠂ ᠨᠢᠭᠲᠠ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ  ᠴᠢᠩᠭᠠᠷᠠᠭᠤᠯᠵᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ  ᠡᠵᠡᠮᠳᠡᠵᠦ ᠭᠠᠳᠠᠭᠠᠳᠤ ᠤᠬᠠᠭᠤᠯᠭ᠎ᠠ ᠪᠠᠨ  ᠴᠢᠩᠭᠠᠳᠬᠠᠬᠤ ᠬᠡᠷᠡᠭᠳᠡᠢ᠃ ᠨᠠᠩ ᠣᠯᠠᠨ ᠬᠥᠮᠦᠨ ᠢ  ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠣᠶᠢᠯᠠᠭᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ  ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠨ᠎ᠠ᠃ ᠬᠤᠨᠤᠭ ᠪᠠᠭᠤᠬᠤ ᠶᠢ ᠬᠦᠯᠢᠶᠡᠨ ᠠᠪᠬᠤ᠂ ᠤᠰᠤ ᠴᠠᠬᠢᠯᠭᠠᠨ ᠴᠢᠮᠡᠭᠡ ᠨᠡᠪᠲᠡᠷᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠪᠠᠲᠤᠯᠠᠭ᠎ᠠ ᠶᠢᠨ ᠠᠵᠢᠯ ᠢ ᠨᠠᠷᠢᠯᠢᠭ ᠬᠢᠵᠦ᠂ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ ᠢ ᠨᠠᠷᠢᠯᠢᠭᠵᠢᠭᠤᠯᠵᠤ᠂ ᠠᠮᠤᠷ ᠲᠦᠪᠰᠢᠨ ᠤ ᠠᠶᠤᠯ  ᠲᠦᠭᠰᠢᠭᠦᠷᠢ  ᠶᠢᠨ ᠳᠠᠯᠳᠠ ᠬᠡᠮ ᠢ ᠴᠢᠩᠭ᠎ᠠ ᠵᠢᠭᠰᠠᠭᠠᠨ ᠪᠠᠶᠢᠴᠠᠭᠠᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ  ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠠᠷᠰᠢ ᠰᠠᠭᠠᠳ ᠢ ᠨᠡᠬᠡᠮᠵᠢᠯᠡᠬᠦ ᠤᠷᠤᠯᠳᠤᠭᠠᠨ ᠤ  ᠲᠠᠭᠠᠭᠠᠨ ᠭᠦᠢᠴᠡᠳᠭᠡᠬᠦ ᠡᠭᠦᠷᠭᠡ ᠶᠢ ᠲᠡᠭᠦᠰ ᠠᠮᠵᠢᠯᠲᠠ ᠲᠠᠢ  ᠪᠡᠶᠡᠯᠡᠭᠦᠯᠦᠨ᠎ᠡ  ᠭᠡᠪᠡ᠃     ᠳᠠᠭ᠎ᠠ ᠶᠢᠨ ᠨᠠᠭᠤᠷ ᠪᠠᠯᠭᠠᠰᠤ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃                               ᠰᠤᠷᠪᠤᠯᠵᠢᠯᠠᠭᠴᠢ᠄ ᠴᠧᠨ ᠶᠦᠨ                               ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                               ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2