ᠮᠠᠨ ᠤ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ  ᠤᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/29
    10 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪ ᠬᠠᠮᠲᠤ ᠶᠢᠨ ᠲᠠᠮᠢᠷ ᠤᠨ ᠴᠤᠭᠯᠠᠭᠠᠨ ᠤ ᠤᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠲᠡᠷᠡᠴᠢᠯᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ ᠤ  ᠤᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ  ᠯᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ  ᠿᠧᠨ ᠳ᠋ᠦᠩ ᠮᠢᠩ᠂  ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠬᠤᠷᠠᠯ ᠳᠤ ᠣᠷᠣᠯᠴᠠᠵᠠᠶ᠃     ᠸᠠᠩ ᠸᠧᠨ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠮᠠᠨ  ᠤ ᠰᠢᠶᠠᠨ ᠤ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠩᠬ᠎ᠠ ᠤᠳᠠᠭ᠎ᠠ ᠳᠠᠭᠠᠭᠠᠨ ᠡᠷᠭᠢᠯᠡᠵᠦ ᠪᠠᠶᠢᠭ᠎ᠠ ᠶᠠᠪᠤᠳᠠᠯ ᠪᠣᠯᠤᠨ᠎ᠠ᠂ ᠡᠨᠡ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠢᠷᠠᠭᠤ ᠠᠯᠳᠠᠷᠲᠠᠶ ᠡᠭᠦᠷᠭᠡ᠂ ᠬᠠᠲᠠᠭᠤ ᠪᠡᠷᠬᠡ ᠡᠭᠦᠷᠭᠡ ᠶᠤᠮ᠃ ᠮᠠᠨ ᠤ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ  ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ ᠤ ᠬᠡᠰᠡᠭ ᠤᠷᠤᠯᠳᠤᠭᠠᠨ ᠤ ᠲᠥᠷᠥᠯ ᠵᠦᠢᠯ ᠢ ᠳᠠᠭᠠᠭᠠᠴᠢᠯᠠᠨ ᠡᠷᠬᠢᠯᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠬᠡᠷᠡᠭᠲᠡᠶ᠃ ᠤᠯᠠᠮ ᠨᠢᠭᠡ ᠠᠯᠬᠤᠮ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂  ᠲᠤᠬᠢᠷᠠᠭᠤᠯᠤᠯᠳᠡ ᠪᠠᠨ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ  ᠵᠤᠶᠢᠯ ᠤᠨ ᠪᠡᠯᠡᠳᠬᠡᠯ ᠪᠠᠲᠤᠯᠠᠭ᠎ᠠ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠸᠠᠩ  ᠸᠧᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ  ᠴᠢᠩᠭᠠᠳᠬᠠᠵᠤ᠂ ᠨᠢᠭᠲᠠ ᠬᠠᠮᠵᠢᠯᠴᠠᠬᠤ ᠬᠡᠷᠡᠭᠲᠡᠶ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠣᠷᠭᠠᠨᠢᠭ ᠢᠶᠠᠷ ᠵᠣᠯᠭᠠᠭᠤᠯᠵᠤ᠂ ᠠᠵᠢᠯ ᠤᠨ ᠲᠥᠰᠦᠯ ᠢᠶᠠᠨ  ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠬᠤᠭᠤᠴᠠᠭ᠎ᠠ ᠶᠢ ᠵᠠᠪᠳᠤᠨ᠂ ᠠᠬᠢᠴᠠ ᠶᠢ ᠵᠠᠪᠳᠤᠨ᠂ ᠡᠯ᠎ᠡ ᠵᠤᠶᠢᠯ ᠤᠨ ᠠᠵᠢᠯ ᠢ ᠰᠢᠨᠵᠢᠯᠡᠬᠦ  ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠡᠳᠦᠷ ᠲᠤᠲᠤᠮ ᠤᠨ ᠲᠣᠬᠢᠷᠠᠭᠤᠯᠤᠯᠲᠠ ᠪᠠ ᠠᠵᠢᠯ ᠤᠨ ᠵᠣᠯᠭᠠᠯᠲᠠ ᠶᠢ ᠴᠢᠩᠭᠠᠳᠬᠠᠵᠤ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ  ᠰᠢᠢᠳᠪᠤᠷᠢᠯᠡᠵᠦ᠂  ᠤᠷᠤᠯᠳᠤᠭᠠᠨ ᠤ ᠲᠥᠷᠥᠯ  ᠵᠤᠶᠢᠯ ᠢ ᠥᠨᠳᠥᠷ ᠬᠢᠷᠢ ᠲᠦᠪᠰᠢᠨ᠂ ᠴᠢᠨᠠᠷ ᠰᠠᠶᠢᠲᠠᠶ ᠳᠠᠭᠠᠭᠠᠨ  ᠭᠦᠢᠴᠡᠳᠭᠡᠬᠦ ᠶᠢ ᠦᠨᠡᠨᠬᠦ  ᠪᠠᠳᠤᠯᠠᠨ᠎ᠠ᠃ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠶ ᠪᠡᠯᠡᠳᠬᠡᠵᠦ᠂ ᠠᠷᠪᠢᠯᠠᠨ ᠭᠠᠮᠨᠠᠵᠤ ᠤᠷᠤᠯᠳᠤᠭᠠᠨ ᠡᠷᠬᠢᠯᠡᠬᠦ  ᠵᠠᠷᠴᠢᠮ ᠢ ᠪᠠᠷᠢᠮᠲᠠᠯᠠᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠤᠷᠤᠯᠳᠤᠭᠠᠨ ᠤ ᠲᠠᠯᠠᠪᠤᠷ ᠤᠨ ᠪᠠᠶᠢᠭᠤᠯᠤᠯᠲᠠ᠂ ᠤᠷᠤᠯᠳᠤᠭᠠᠨ ᠠᠴᠠ  ᠡᠮᠦᠨᠡᠬᠢ ᠪᠣᠯᠪᠠᠰᠤᠷᠠᠯ᠂ ᠤᠷᠤᠯᠳᠤᠭᠠᠨ ᠤ ᠤᠬᠠᠭᠤᠯᠭ᠎ᠠ᠂ ᠤᠷᠤᠯᠳᠤᠭᠠᠨ ᠤ ᠪᠠᠲᠤᠯᠠᠭ᠎ᠠ ᠵᠡᠷᠭᠡ ᠠᠵᠢᠯ ᠢ ᠪᠥᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ  ᠤᠶᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠴᠢᠨᠠᠷ ᠰᠠᠶᠢᠲᠠᠶ  ᠪᠡᠶᠡᠯᠡᠭᠦᠯᠬᠦ ᠬᠡᠷᠡᠭᠳᠡᠢ ᠭᠡᠪᠡ᠃     ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                                             ᠰᠤᠷᠪᠤᠯᠵᠢᠯᠠᠭᠴᠢ᠄ ᠴᠧᠨ ᠶᠦᠨ                                 ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2