ᠲᠠᠮᠠᠬᠢᠨ ᠤ ᠳᠠᠮ ᠨᠦᠯᠣᠭᠡ ᠠᠴᠠ ᠵᠠᠶᠢᠯᠠᠰᠬᠢᠬᠤ ᠠᠴᠠ ᠭᠠᠳᠠᠨ᠎ᠠ ᠠᠭᠤᠰᠬᠢᠨ ᠤ ᠥᠮᠡᠨ ᠢ ᠰᠡᠷᠭᠡᠶᠢᠯᠡᠬᠦ ᠳᠤ ᠪᠠᠰᠠ ᠶᠠᠭᠤ ᠶᠢ ᠠᠩᠬᠠᠷᠬᠤ ᠬᠡᠷᠡᠭᠲᠡᠶ ᠪᠣᠶ︖
ᠨᠡᠶᠢᠲᠡᠯᠡᠭᠰᠡᠨ ᠴᠠᠭ᠄
2020/11/11
   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠼᠦᠩ︶ ︽ᠲᠠᠮ ᠲᠠᠮᠠᠬᠢ︾ ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠁ ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ︽2019 ᠣᠨ ᠤ ᠪᠥᠬᠦ ᠤᠯᠤᠰ ᠤᠨ ᠥᠮᠡᠨ ᠡᠪᠡᠳᠴᠢᠨ ᠤ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠯᠣᠰ ᠤᠨ ᠰᠢᠨ᠎ᠡ ᠪᠠᠷ ᠡᠭᠦᠰᠦᠭᠰᠡᠨ ᠠᠭᠤᠰᠬᠢᠨ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ ᠨᠡᠷᠪᠡᠭᠳᠡᠭᠰᠡᠨ ᠬᠥᠮᠦᠨ ᠤ ᠲᠤᠭ᠎ᠠ ᠶᠢᠨ 20.03% ᠶᠢ ᠡᠵᠡᠯᠡᠵᠦ᠂ ᠠᠭᠤᠰᠬᠢᠨ ᠥᠮᠡᠨ ᠠᠴᠠ ᠪᠣᠯᠵᠤ ᠦᠬᠦᠭᠰᠡᠨ ᠬᠥᠮᠦᠨ ᠤ ᠲᠤᠭ᠎ᠠ ᠨᠢ ᠬᠤᠣᠷᠲᠤ ᠬᠠᠪᠤᠳᠠᠷ ᠠᠴᠠ ᠪᠣᠯᠵᠤ ᠦᠬᠦᠭᠰᠡᠨ ᠪᠦᠬᠦ ᠲᠣᠭᠠᠨ ᠤ 26.99% ᠶᠢ ᠡᠵᠡᠯᠡᠵᠦ᠂ ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ ᠨᠢᠳᠦᠨ ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃     ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ᠤ ᠲᠥᠪ ᠤᠨ ᠡᠷᠬᠢᠯᠡᠭᠴᠢ ᠡᠤ ᠵᠢᠩ ᠣᠶᠢᠷ᠎ᠠ ᠳᠤ ᠶᠠᠪᠤᠭᠳᠠᠭᠰᠠᠨ 2020 ᠣᠨ ᠤ ᠳᠤᠮᠳᠠᠳᠤ ᠤᠯᠤᠰ ᠤᠨ ᠠᠭᠤᠰᠬᠢᠨ ᠤ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠡᠭᠡᠷ᠎ᠡ ᠬᠡᠯᠡᠭᠰᠡᠨ ᠨᠢ᠂ ᠲᠠᠮᠠᠬᠢ ᠲᠠᠲᠠᠬᠤ ᠪᠣᠯ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ ᠠᠶᠣᠯ ᠲᠠᠢ ᠡᠯᠧᠮᠧᠨ᠋ᠲ ᠪᠣᠯᠤᠨ᠎ᠠ᠃ ᠡᠭᠦᠨ ᠳᠤ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ ᠲᠠᠲᠠᠬᠤ ᠪᠠᠭᠲᠠᠨ᠎ᠠ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠭᠰᠠᠨ ᠠᠴᠠ ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥᠮᠪᠥᠷᠴᠡᠭ ᠤᠨ ᠠᠭᠤᠰᠬᠢᠨ ᠥᠮᠡᠨ ᠡᠪᠡᠳᠴᠢᠲᠡᠨ ᠤ 80% — 85% ᠶᠢ ᠡᠵᠡᠯᠡᠵᠦ ᠪᠠᠶᠢᠨ᠎ᠠ᠃ ᠲᠡᠷᠡ ᠬᠡᠯᠡᠬᠦ ᠳᠡᠭᠡᠨ᠄ ᠲᠠᠮᠠᠬᠢ ᠲᠠᠲᠠᠬᠤ ᠠᠴᠠ ᠠᠭᠤᠰᠬᠢᠨ ᠥᠮᠡᠨ ᠳᠤ ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ ᠢ ᠲᠠᠭᠠᠯᠳᠣᠨ ᠨᠡᠮᠡᠭᠳᠡᠨ᠎ᠡ᠂ ᠬᠡᠷᠪᠡ ᠴᠠᠭ ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ ᠵᠣᠬᠢᠴᠠᠩᠭᠤᠶ ᠪᠠᠷ ᠪᠠᠭᠠᠰᠬᠤ ᠪᠣᠯᠤᠨ᠎ᠠ᠃     ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ ᠮᠥᠨ ᠴᠦ ᠠᠭᠤᠰᠬᠢᠨ ᠥᠮᠡᠨ ᠤ ᠨᠢᠭᠡ ᠶᠡᠭᠡ ᠠᠶᠤᠯᠲᠤ ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ ᠭᠠᠳᠠᠨᠠᠬᠢ ᠪᠣᠬᠢᠷᠲᠤᠯ ᠨᠢ ᠭᠤᠤᠯᠳᠠᠭᠤ PM2.5 ᠶᠢᠨ ᠪᠣᠬᠢᠷᠲᠤᠯ ᠪᠣᠯᠤᠨ᠎ᠠ᠃ ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠰᠠᠯᠬᠢ ᠨᠡᠪᠲᠡᠷᠡᠬᠦ ᠦᠭᠡᠢ ᠠᠴᠠ ᠪᠣᠯᠵᠠᠢ᠃ ᠢᠯᠠᠩᠭᠤᠶ᠎ᠠ ᠭᠡᠷ ᠪᠦᠯᠢ ᠶᠢᠨ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ ᠤᠲᠤᠭ᠎ᠠ ᠠᠴᠠ ᠪᠣᠯᠣᠭᠰᠠᠨ ᠭᠡᠷ ᠳᠣᠲᠣᠷᠠᠬᠢ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ ᠡᠯᠧᠮᠧᠨ᠋ᠲ ᠤᠨ ᠨᠢᠭᠡ ᠭᠡᠵᠦ ᠦᠵᠡᠳᠡᠭ᠃ ᠦ᠋ ᠵᠢᠩ ᠬᠡᠯᠡᠬᠦ ᠳᠡᠭᠡᠨ᠂ ᠠᠷᠰᠧᠨ ᠠᠭᠤᠯᠤᠭᠰᠠᠨ ᠤᠤᠭᠤᠬᠤ ᠤᠰᠤ᠂ β — ᠬᠤᠯᠤᠤᠪᠠᠩ ᠤᠨ ᠡᠳ᠋ ᠤᠨ ᠨᠥᠬᠦᠪᠥᠷᠢ ᠡᠳ᠋᠂ ᠡᠳ᠋ᠰᠢᠯᠡᠭᠦᠯᠣᠭ᠍ᠰᠡᠨ ᠮᠢᠬ᠎ᠠ ᠪᠠ ᠰᠫᠢᠷᠲ ᠤᠮᠳᠠᠭᠠᠨ ᠢ ᠣᠷᠳᠣ ᠬᠤᠭᠤᠴᠠᠭ᠎ᠠ ᠪᠠᠷ ᠢᠳᠡᠵᠦ ᠤᠤᠭᠤᠪᠠᠯ ᠠᠭᠤᠰᠬᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠵᠣᠬᠢᠰᠲᠠᠶ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠡᠨᠡ ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠠᠭᠤᠰᠬᠢᠨ ᠥᠮᠡᠨ ᠭᠡᠬᠦ ᠡᠨᠡ ᠬᠦ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ ᠪᠠᠰᠠ ᠨᠢᠭᠡ ᠵᠦᠢᠯ ᠤᠨ ᠰᠡᠷᠭᠡᠶᠢᠯᠡᠵᠦ ᠳᠡᠶᠢᠯᠬᠦ ᠡᠪᠡᠳᠴᠢᠨ ᠪᠣᠯᠤᠨ᠎ᠠ ᠭᠡᠵᠡᠢ᠃ http://mongol.people.com.cn/15824493.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2