ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ ᠰᠤᠷᠭᠠᠨ ᠬᠥᠮᠦᠵᠢᠯ ᠤᠨ ᠰᠢᠰᠲ᠋ᠧᠮ ᠤᠨ ᠡᠷᠡᠭᠦᠯ ᠮᠡᠨᠳᠦ ᠶᠢᠨ ᠬᠦᠮᠦᠵᠢᠯ ᠪᠠ ᠲᠦᠷᠭᠡᠨ ᠠᠪᠤᠷᠠᠯᠲᠠ ᠶᠢᠨ ᠮᠡᠳᠡᠯᠭᠡ ᠶᠢᠨ ᠲᠤᠰᠬᠠᠶ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠵᠤ ᠰᠣᠨᠣᠰᠪᠠ
ᠨᠡᠶᠢᠲᠡᠯᠡᠭᠰᠡᠨ ᠴᠠᠭ᠄
2020/11/16
   11 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ  ᠪᠠᠭᠰᠢ ᠨᠠᠷ ᠢ ᠵᠣᠬᠢᠶᠠᠨ ᠪᠠᠶᠢᠭᠤᠯᠵᠤ ᠬᠤᠷᠠᠯ ᠦᠵᠡᠰᠬᠦᠯᠡᠩ ᠤᠨ ᠲᠥᠪ ᠲᠤ ᠬᠦᠷᠴᠦ ᠰᠤᠷᠭᠠᠨ ᠬᠥᠮᠦᠵᠢᠯ ᠤᠨ ᠰᠢᠰᠲ᠋ᠧᠮ ᠤᠨ  ᠡᠷᠡᠭᠦᠯ ᠮᠡᠨᠳᠦ ᠶᠢᠨ ᠬᠥᠮᠦᠵᠢᠯ ᠬᠢᠭᠡᠳ ᠲᠦᠷᠭᠡᠨ ᠠᠪᠤᠷᠠᠯᠲᠠ ᠶᠢᠨ ᠮᠡᠳᠡᠯᠭᠡ ᠶᠢᠨ ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠪᠠ᠃ ᠲᠣᠰ ᠤᠳᠠᠭᠠᠨ ᠤ ᠲᠠᠶᠢᠯᠤᠮᠵᠢ ᠶᠢ ᠪᠥᠬᠦ ᠠᠷᠠᠳ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠤᠨ ᠲᠥᠪ  ᠪᠤᠯᠤᠨ ᠥᠪᠥᠷ ᠮᠣᠩᠭᠤᠯ ᠤᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠮᠡᠷᠭᠡᠵᠢᠯ ᠤᠨ ᠵᠥᠪᠯᠡᠯ ᠠᠴᠠ ᠬᠠᠮᠲᠤᠷᠠᠨ ᠡᠷᠭᠢᠯᠡᠪᠡ᠃ ᠪᠦᠬᠦ ᠠᠷᠠᠳ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠤᠨ ᠲᠥᠪ ᠤᠨ ᠡᠷᠬᠢᠯᠡᠭᠴᠢ ᠸᠠᠩ  ᠮᠧᠩ ᠭᠤᠣᠯᠯᠠᠨ ᠲᠠᠶᠢᠯᠪᠤᠷᠢᠯᠠᠭᠴᠢ ᠶᠢᠨ ᠲᠤᠰᠢᠶᠠᠯ ᠢ ᠡᠭᠦᠷᠭᠡᠯᠡᠪᠡ᠃ ᠲᠤᠰ ᠤᠳᠠᠭᠠᠨ ᠤ ᠲᠠᠶᠢᠯᠤᠮᠵᠢ ᠶᠢᠨ ᠠᠵᠢᠯᠯᠠᠭ᠎ᠠ ᠳᠤ ᠪᠠᠰᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠵᠠᠬᠢᠷᠤᠯ᠂ ᠴᠡᠴᠡᠷᠯᠢᠭ ᠤᠨ ᠳᠠᠷᠤᠭ᠎ᠠ᠂ ᠱᠦᠵᠢ᠂ ᠡᠯ᠎ᠡ ᠰᠤᠷᠭᠠᠭᠤᠯᠢ ᠶᠢᠨ ᠪᠠᠭᠰᠢ ᠶᠢᠨ  ᠲᠦᠯᠦᠭᠡᠯᠡᠭᠴᠢ ᠣᠷᠣᠯᠴᠠᠵᠠᠶ᠃
         ᠲᠠᠶᠢᠯᠤᠮᠵᠢ ᠳᠤᠮᠳᠠ᠂ ᠸᠠᠩ ᠮᠧᠩ ᠣᠨᠣᠯ ᠤᠨ ᠲᠠᠶᠢᠯᠪᠤᠷᠢᠯᠠᠯᠲᠠ ᠪᠠ ᠪᠣᠳᠠᠲᠤ ᠪᠠᠶᠢᠳᠠᠯ ᠲᠠᠢ ᠤᠶᠠᠯᠳᠤᠭᠤᠯᠤᠨ ᠦᠵᠡᠭᠦᠯᠭᠡ ᠶᠢ  ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠤᠭᠤᠰᠣᠨ ᠭᠠᠷ ᠢᠶᠠᠷ ᠵᠢᠷᠦᠬᠡ ᠠᠭᠤᠰᠬᠢᠨ ᠤ ᠰᠡᠷᠭᠦᠭᠡᠯᠲᠡ ᠶᠢᠨ ᠪᠥᠬᠦ ᠶᠠᠪᠤᠴᠠ  ᠶᠢᠨ ︽ᠡᠪᠡᠳᠴᠢᠲᠡᠨ ᠤ ᠤᠬᠠᠮᠰᠠᠷ ᠲᠠᠢ ᠡᠰᠡᠬᠦ ᠵᠢᠨ‌ᠠᠮᠢᠰᠬᠤᠭᠤᠯᠬᠤ   — ᠠᠪᠤᠷᠠᠯ — ᠠᠮᠠᠨ ᠬᠥᠨᠳᠡᠶ ᠶᠢᠨ ᠰᠢᠭᠦᠷᠡᠯ ᠪᠣᠳᠠᠰ ᠢ  ᠴᠡᠪᠡᠷᠯᠡᠬᠦ — ᠠᠮᠢᠰᠬᠤᠯ ᠤᠨ ᠵᠠᠮ ᠢ ᠨᠡᠭᠡᠭᠡᠬᠦ — ᠬᠥᠮᠦᠨ ᠤ ᠬᠦᠴᠦ ᠪᠠᠷ ᠠᠮᠢᠰᠬᠤᠭᠤᠯᠬᠤ — ᠴᠡᠭᠡᠵᠢᠨ ᠭᠠᠳᠠᠨ᠎ᠠ ᠠᠴᠠ ᠵᠢᠷᠦᠬᠡᠨ ᠳᠤ ᠳᠠᠷᠤᠯᠲᠠ ᠥᠭᠬᠦ︾ ᠲᠤᠬᠠᠶ ᠨᠠᠷᠢᠨ ᠲᠣᠳᠣᠷᠬᠠᠶ ᠥᠭᠦᠯᠡᠭᠰᠡᠨ ᠪᠠᠶᠢᠨ᠎ᠠ᠃ ᠭᠤᠭᠴᠤᠭ᠎ᠠ ᠪᠦᠷᠢ ᠶᠢᠨ ᠪᠡᠶ᠎ᠡ ᠶᠢᠨ ᠪᠠᠶᠢᠷᠢ ᠪᠠ ᠡᠯ᠎ᠡ ᠵᠦᠢᠯ ᠤᠨ ᠠᠷᠭ᠎ᠠ ᠪᠠᠷᠢᠯ ᠵᠡᠷᠭᠡ ᠨᠠᠷᠢᠨ ᠵᠦᠢᠯᠡᠰ ᠢ  ᠨᠢᠭᠡ ᠨᠢᠭᠡ ᠪᠠᠷ ᠨᠠᠷᠢᠨ ᠲᠣᠳᠣᠷᠬᠠᠢ ᠢᠯᠡᠷᠡᠭᠦᠯᠦᠨ᠎ᠡ᠃ ᠸᠠᠩ ᠡᠷᠬᠢᠯᠡᠭᠴᠢ ᠭᠡᠷ ᠤᠨ ᠳᠣᠲᠣᠨ᠎ᠠ ᠭᠠᠳᠠᠨᠠᠬᠢ ᠠᠭᠠᠷ ᠤᠨ ᠪᠣᠬᠢᠷᠲᠤᠯ᠂ ᠤᠰᠤᠨ ᠤ ᠪᠣᠬᠢᠷᠲᠤᠯ ᠤᠨ ᠬᠤᠣᠷ  ᠬᠦᠨᠦᠭᠡᠯ ᠵᠢᠴᠢ ᠵᠠᠰᠠᠯᠲᠠ ᠶᠢ ᠭᠤᠣᠯᠳᠠᠯᠭ᠎ᠠ ᠲᠠᠢ ᠲᠠᠶᠢᠯᠪᠤᠷᠢᠯᠠᠨ ᠶᠠᠷᠢᠵᠤ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ  ᠮᠠᠶ᠋ᠢᠭ ᠤᠨ ᠲᠣᠭᠤᠷᠢᠨ ᠳᠤ᠂ ᠡᠷᠡᠭᠦᠯ ᠮᠡᠨᠳᠦ ᠶᠢᠨ ᠳᠥᠷᠪᠡᠨ ᠶᠡᠭᠡ ᠰᠠᠭᠤᠷᠢ᠂ ᠳᠠᠷᠤᠶ ᠵᠣᠬᠢᠰᠲᠠᠶ ᠬᠤᠭᠤᠯᠠ ᠤᠮᠳᠠ᠂ ᠵᠣᠬᠢᠬᠤ ᠬᠡᠮᠵᠢᠶᠡᠨ ᠤ  ᠬᠦᠳᠡᠯᠭᠡᠭᠡᠨ᠂ ᠲᠠᠮᠠᠬᠢ ᠲᠠᠲᠠᠬᠤ ᠪᠠᠨ ᠵᠣᠭᠰᠣᠵᠤ ᠠᠷᠢᠬᠢ ᠤᠤᠭᠤᠬᠤ ᠪᠠᠨ ᠬᠢᠵᠠᠭᠠᠷᠯᠠᠬᠤ᠂ ᠰᠡᠳᠬᠢᠴᠡ ᠶᠢᠨ  ᠲᠡᠩᠴᠡᠭᠦᠷᠢ ᠶᠢ ᠵᠢᠭᠠᠵᠤ ᠭᠠᠷᠭᠠᠵᠠᠶ᠃
    ᠲᠣᠰ ᠤᠳᠠᠭᠠᠨ ᠤ ᠶᠠᠷᠢᠶ᠎ᠠ ᠢᠯᠡᠳᠬᠡᠯ ᠨᠢ ᠳᠥᠭᠦᠮ ᠣᠶᠢᠯᠠᠭᠠᠮᠵᠢᠲᠠᠶ᠂ ᠠᠮᠢᠳᠤᠷᠠᠯ ᠳᠤ ᠣᠶᠢᠷᠠᠳᠴᠤ᠂ ᠪᠠᠭᠰᠢ ᠨᠠᠷ ᠲᠤ ᠴᠢᠬᠤᠯᠠ ᠪᠦᠬᠦᠢ ᠲᠦᠷᠭᠡᠨ ᠠᠪᠤᠷᠠᠯᠲᠠ ᠶᠢᠨ ᠮᠡᠷᠭᠡᠵᠢᠯ ᠢ ᠡᠵᠡᠮᠰᠢᠭᠦᠯᠵᠦ᠂ ᠴᠠᠭ ᠲᠤᠬᠠᠶ   ᠳᠤᠨᠢ ᠠᠪᠤᠷᠠᠯᠲᠠ ᠬᠢᠬᠦ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠵᠠᠶ᠃ ᠪᠠᠰᠠ ᠡᠷᠡᠭᠦᠯ ᠮᠡᠨᠳᠦ ᠶᠢᠨ ᠲᠦᠷᠭᠡᠨ ᠠᠪᠤᠷᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠭᠰᠢ ᠶᠢᠨ ᠡᠷᠡᠭᠦᠯ ᠮᠡᠨᠳᠦ ᠶᠢᠨ ᠮᠡᠳᠡᠯᠭᠡ ᠶᠢ ᠠᠩᠬᠠᠷᠬᠤ ᠪᠠ ᠬᠦᠨᠳᠦᠳᠬᠡᠨ ᠦᠵᠡᠬᠦ ᠶᠢ ᠠᠬᠢᠭᠤᠯᠵᠤ᠂ ᠥᠷᠭᠡᠨ ᠤᠯᠠᠨ ᠪᠠᠭᠰᠢ ᠶᠢᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ
    ᠪᠠᠭᠰᠢ ᠨᠠᠷ᠄ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠡᠷᠡᠭᠦᠯ ᠮᠡᠨᠳᠦ ᠶᠢᠨ ᠦᠵᠡᠯᠲᠡ ᠶᠢ ᠪᠣᠶ ᠪᠣᠯᠭᠠᠵᠤ᠂ ᠠᠵᠢᠯ ᠤᠨ ᠮᠠᠭᠤ ᠳᠠᠳᠬᠠᠯ  ᠢ ᠵᠠᠯᠠᠷᠠᠭᠤᠯᠬᠤ ᠬᠡᠷᠡᠭᠲᠡᠶ᠃ ᠡᠷᠡᠭᠦᠯ ᠴᠢᠭᠢᠷᠠᠭ ᠪᠡᠶ᠎ᠡ ᠮᠠᠬᠠᠪᠣᠳ᠂ ᠡᠷᠡᠭᠦᠯ ᠴᠢᠭᠢᠷᠠᠭ ᠰᠡᠳᠬᠢᠴᠡ᠂  ᠭᠦᠢᠴᠡᠳ ᠣᠶᠤᠨ ᠴᠢᠳᠠᠯ ᠢᠶᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠣᠷᠣᠭᠤᠯᠵᠤ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠤᠶᠢᠯᠡᠰ ᠤᠨ ᠪᠦᠬᠦ ᠲᠠᠯ᠎ᠠ ᠶᠢᠨ ᠬᠥᠭᠵᠢᠯᠲᠡ ᠳᠠᠪᠰᠢᠯᠲᠠ ᠳᠤ ᠨᠡᠩ ᠶᠡᠭᠡ ᠬᠤᠪᠢ ᠨᠡᠮᠡᠷᠢ  ᠦᠵᠡᠭᠦᠯᠬᠦ ᠬᠡᠷᠡᠭᠳᠡᠢ ᠭᠡᠵᠠᠢ᠃                                                    ᠴᠢᠮᠡᠭᠡᠯᠡᠭᠴᠢ  ᠄ ᠵᠢᠢ ᡁᠢ ᠬᠤᠸᠠ                                                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2