ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠰᠡᠳᠦᠪ᠄ ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠵᠦᠸᠧ ᠯᠦᠨ ᠢᠦᠢ ᠵᠢᠶᠠ ᠰᠢᠨ ᠵᠧᠩ ᠮᠢᠩ ᠳ᠋ᠡ | 11 ᠳ᠋ᠦ᠋ᠭᠡᠷ ᠰᠠᠷ᠎ᠠ ᠶᠢᠨ 15 ᠤ ᠡᠳᠦᠷ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ︵RCEP︶ ᠲᠣᠭᠲᠠᠪᠠ᠃ 8 ᠵᠢᠯ ᠤᠨ ᠬᠡᠯᠡᠯᠴᠡᠭᠡ ᠪᠠᠷ ᠳᠠᠮᠵᠢᠨ᠂ ᠪᠦᠬᠦ | ᠪᠥᠮᠪᠥᠷᠴᠡᠭ ᠤᠨ ᠬᠠᠮᠤᠭ ᠤᠨ ᠶᠡᠭᠡ ᠴᠢᠯᠦᠭᠡᠲᠦ ᠠᠷᠠᠯᠵᠢᠶᠠᠨ ᠤ ᠣᠷᠣᠨ ᠡᠴᠦᠰ ᠲᠤ ᠪᠠᠨ ᠮᠡᠨᠳᠦᠯᠡᠭᠰᠡᠨ ᠢᠶᠠᠨ | ᠲᠤᠩᠬᠠᠭᠯᠠᠵᠤ᠂ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃ ᠬᠠᠮᠤᠷᠬᠤ ᠬᠥᠮᠦᠨ ᠠᠮᠠ ᠶᠢᠨ ᠲᠤᠭ᠎ᠠ ᠬᠠᠮᠤᠭ ᠤᠨ ᠣᠯᠠᠨ᠂ | ᠪᠦᠷᠢᠯᠳᠦᠬᠦᠨ ᠤ ᠪᠦᠲᠦᠴᠡ ᠬᠠᠮᠤᠭ ᠤᠨᠣᠯᠠᠨ ᠡᠰᠢᠵᠢᠭᠰᠡᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠬᠠᠮᠤᠭ ᠤᠨ ᠶᠡᠭᠡ | ᠁ RCEP ᠲᠤ ᠭᠠᠷ ᠤᠨ ᠦᠰᠦᠭ ᠵᠢᠷᠤᠭᠰᠠᠨ ᠨᠢ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ ᠲᠤ ᠶᠠᠮᠠᠷ | ᠴᠢᠬᠤᠯᠠ ᠶᠡᠭᠡ ᠠᠴᠢ ᠬᠤᠯᠪᠣᠭᠳᠠᠯ ᠲᠠᠢ ᠪᠤᠢ︖ | | | | | ᠡᠨᠡ ᠪᠣᠯ 11 ᠳ᠋ᠦ᠋ᠭᠡᠷ ᠰᠠᠷ᠎ᠠ ᠶᠢᠨ 11 ᠤ ᠡᠳᠦᠷ ᠰᠡᠭᠦᠳᠡᠷᠯᠡᠭᠰᠡᠨ ᠳᠤᠮᠳᠠᠳᠤ ᠤᠯᠤᠰ ︵ᠱᠠᠩᠬᠠᠶ︶ ᠤᠨ ᠴᠢᠯᠥᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠡᠮᠳᠡᠭᠲᠦ ᠡᠭᠦᠳᠡ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ | ᠹᠠᠩ ᠵᠧ ᠰᠡᠭᠦᠳᠡᠷᠯᠡᠪᠡ | | ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ | ᠡᠨᠡ ᠤᠳᠠᠭ᠎ᠠ RCEP ᠲᠤ ᠭᠠᠷ ᠤᠨ ᠦᠰᠦᠭ ᠵᠢᠷᠤᠭᠰᠠᠨ ᠪᠦᠷᠢᠯᠳᠦᠬᠦᠨ ᠤᠯᠤᠰ ᠨᠡᠶᠢᠲᠡ 15 ᠪᠣᠢ᠂ ᠵᠡᠭᠦᠨ | ᠡᠮᠦᠨᠡᠲᠦ ᠠᠽᠢᠶ᠎ᠠ ᠶᠢᠨ ᠬᠤᠯᠪᠣᠭᠠᠨ ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ | ᠰᠢᠨ᠎ᠡ ᠽᠢᠯᠠᠨᠳ᠋ ᠵᠡᠷᠭᠡ ᠤᠯᠤᠰ ᠢ ᠪᠠᠭᠲᠠᠭᠠᠵᠠᠢ᠂ ᠪᠦᠬᠦ ᠬᠥᠮᠦᠨ ᠠᠮᠠ 22.7 ᠳ᠋ᠦᠩᠰᠢᠭᠤᠷ ᠲᠤ ᠬᠦᠷᠴᠦ᠂ GDP ᠨᠢ | 26 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠭᠠᠷᠭᠠᠯᠲᠠ ᠶᠢᠨ ᠶᠡᠷᠦᠩᠬᠡᠢ ᠵᠣᠭᠤᠰ ᠤᠨ ᠲᠤᠭ᠎ᠠ 5.2 | ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠴᠥᠮ ᠪᠦᠬᠦ ᠪᠥᠮᠪᠥᠷᠴᠡᠭ ᠤᠨ ᠶᠡᠷᠦᠩᠬᠡᠶ ᠬᠡᠮᠵᠢᠶᠡᠨ ᠤ ᠪᠠᠷᠤᠭ 30% ᠶᠢ | ᠡᠵᠡᠯᠡᠵᠡᠢ᠃ RCEP ᠴᠢᠯᠥᠭᠡᠲᠦ ᠠᠷᠠᠯᠵᠢᠶᠠᠨ ᠤ ᠣᠷᠣᠨ ᠪᠠᠶᠢᠭᠤᠯᠤᠭᠳᠠᠭᠰᠠᠨ ᠨᠢ ᠪᠦᠬᠦ ᠪᠥᠮᠪᠥᠷᠴᠡᠭ ᠤᠨ ᠪᠠᠷᠤᠭ | ᠭᠤᠷᠪᠠᠨ ᠤ ᠨᠢᠭᠡ ᠬᠤᠪᠢ ᠶᠢᠨ ᠠᠵᠤ ᠠᠬᠤᠢ ᠶᠢᠨ ᠪᠠᠭᠲᠠᠭᠠᠮᠵᠢ ᠨᠢᠭᠡ ᠴᠣᠭᠴᠠᠵᠢᠭᠰᠠᠨ ᠲᠣᠮᠣ ᠵᠠᠬ᠎ᠠ ᠳᠡᠯᠭᠡᠭᠦᠷ ᠪᠣᠯᠵᠤ | ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃ | ᠡᠶᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ ᠪᠠᠷ ᠢᠷᠡᠭᠰᠡᠨ ᠶᠤᠮ — RCEP ᠢ ᠵᠡᠭᠦᠨ ᠡᠮᠦᠨᠡᠲᠦ | ᠠᠽᠢᠶ᠎ᠠ ᠶᠢᠨ ᠬᠤᠯᠪᠣᠭ᠎ᠠ 2012 ᠣᠨ ᠳᠤ ᠡᠭᠦᠰᠬᠡᠵᠦ᠂ 8 ᠵᠢᠯ ᠤᠨ ᠬᠤᠭᠤᠴᠠᠭᠠᠨ ᠳᠤ 31 ᠡᠭᠡᠯᠵᠢ ᠶᠢᠨ ᠵᠢᠩᠬᠢᠨᠢ | ᠬᠡᠯᠡᠯᠴᠡᠭᠡ ᠪᠠᠷ ᠳᠠᠮᠵᠢᠨ᠂ ᠢᠯᠠᠩᠭᠤᠶ᠎ᠠ ᠡᠨᠡ ᠵᠢᠯ ᠠᠴᠠ ᠨᠠᠭᠠᠰᠢ᠂ ᠡᠯ᠎ᠡ ᠪᠦᠷᠢᠯᠳᠦᠬᠦᠨ ᠤᠯᠤᠰ ᠰᠢᠨ᠎ᠡ ᠲᠢᠲᠢᠮᠯᠡᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠯᠤᠲᠤ ᠶᠡᠭᠡ ᠬᠦᠴᠢᠷᠳᠡᠯ ᠢ ᠢᠯᠠᠨ ᠳᠠᠪᠠᠵᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠦᠭᠡᠳ 1.4 ᠲᠦᠮᠡ ᠭᠠᠷᠤᠶ | ᠬᠠᠭᠤᠳᠠᠰᠤ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠪᠠᠷ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠡᠴᠦᠰ ᠲᠤ ᠪᠠᠨ | ᠳᠥᠷᠪᠡᠳᠦᠭᠡᠷ ᠤᠳᠠᠭᠠᠨ ᠤ ᠤᠳᠤᠷᠢᠳᠬᠤ ᠬᠥᠮᠦᠰ ᠤᠨ ᠬᠤᠷᠠᠯᠳᠤᠭᠠᠨ ᠤ ᠬᠤᠭᠤᠴᠠᠭᠠᠨ ᠳᠤ ᠲᠣᠭᠲᠠᠭᠰᠠᠨ ᠴᠠᠭ ᠶᠣᠰᠣᠭᠠᠷ | ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠵᠡᠭᠦᠨ ᠠᠽᠢᠶ᠎ᠠ ᠶᠢᠨ ᠠᠵᠤ ᠠᠬᠤᠶ ᠶᠢᠨ ᠨᠢᠭᠡ | ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢᠨ 20 ᠰᠢᠬᠠᠮ ᠵᠢᠯ ᠤᠨ ᠲᠤᠷᠰᠢᠬᠢ ᠬᠠᠮᠤᠭ ᠤᠨ ᠴᠢᠬᠤᠯᠠ ᠦᠷ᠎ᠡ | ᠪᠦᠲᠦᠭᠡᠯ ᠪᠣᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ RCEP ᠨᠢ 15 ᠪᠦᠷᠢᠯᠳᠦᠬᠦᠨ ᠤᠯᠤᠰ ᠴᠥᠮ ᠪᠣᠭᠤᠮᠲᠠ ᠶᠢᠨ ᠭᠠᠶᠢᠯᠢ ᠶᠢ | ᠪᠠᠭᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ ᠪᠠᠷᠢᠮᠵᠢᠶᠠᠲᠤ ᠬᠤᠷᠢᠭ᠎ᠠ ᠶᠢ ᠪᠠᠭᠠᠰᠬᠠᠬᠤ ᠪᠠᠷ ᠠᠮᠠᠯᠳᠠᠬᠤ ᠶᠢ ᠱᠠᠭᠠᠷᠳᠠᠪᠠ᠃ | ᠺᠣᠷᠢᠶᠠ ᠶᠢᠨ ᠵᠠᠭᠤᠴᠢᠯᠠᠭᠤᠷ ᠤᠨ ᠵᠢᠱᠢᠭᠰᠡᠨ ᠢᠶᠠᠷ᠂ RCEP ᠬᠦᠴᠦᠨ ᠲᠠᠢ ᠪᠣᠯᠤᠭᠰᠠᠨ ᠤ ᠳᠠᠷᠠᠭ᠎ᠠ᠂ ᠺᠣᠷᠢᠶᠠ ᠶᠢᠨ | ᠢᠨᠳᠣᠨᠧᠰᠢᠶ᠎ᠠ ᠳᠤ ᠭᠠᠷᠭᠠᠬᠤ ᠮᠠᠰᠢᠨ ᠲᠡᠷᠭᠡᠨ ᠤ ᠰᠡᠯᠪᠢᠭ ᠲᠣᠨᠤᠭ ᠤᠨ ᠪᠣᠭᠤᠮᠲᠠ ᠶᠢᠨ ᠭᠠᠶᠢᠯᠢ ᠨᠢ ᠣᠳᠣᠬᠠᠨ ᠤ | 40% ᠠᠴᠠ ᠳᠣᠷᠣᠭᠰᠢᠯᠠᠭᠠᠳ ᠲᠡᠭ ᠪᠣᠯᠬᠤ ᠪᠣᠯᠤᠮᠵᠢ ᠲᠠᠢ ᠪᠠᠶᠢᠨ᠎ᠠ᠃ | | | | | ᠡᠨᠡ ᠪᠣᠯ 11 ᠳ᠋ᠦ᠋ᠭᠡᠷ ᠰᠠᠷ᠎ᠠ ᠶᠢᠨ 3 ᠤ ᠡᠳᠦᠷ ᠰᠡᠭᠦᠳᠡᠷᠯᠡᠭᠰᠡᠨ ᠱᠠᠩᠬᠠᠶ ᠶᠢᠨ ᠶᠠᠩ ᠱᠠᠨ ᠭᠠᠷᠠᠮ ᠤᠨ | ᠴᠢᠩᠭᠡᠯᠢᠭ ᠤᠨ ᠭᠠᠷᠠᠮ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠢᠶᠠᠩ ᠰᠡᠭᠦᠳᠡᠷᠯᠡᠪᠡ | | ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ | ᠳᠠᠷᠤᠭ᠎ᠠ ᠷᠤᠸᠠᠨ ᠽᠦᠩ ᠽᠧ ᠡᠨᠡ ᠬᠦ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠢ ︽ᠵᠠᠩᠭᠢᠯᠠᠭ᠎ᠠ | ᠴᠢᠨᠠᠷᠲᠠᠢ ᠮᠥᠷᠲᠡᠭᠡᠨ ᠴᠠᠭ ᠲᠤ ᠪᠠᠨ ᠶᠠᠪᠤᠭᠳᠠᠪᠠ︾ ᠭᠡᠵᠦ ᠳᠦᠷᠰᠦᠯᠡᠪᠡ᠃ ︽ᠬᠢᠵᠢᠭ ᠤᠨ ᠪᠠᠶᠢᠳᠠᠯ ᠰᠠᠮᠠᠭᠤᠷᠠᠵᠤ᠂ | ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ ᠮᠠᠭᠤᠳᠠᠨ᠂ ᠣᠯᠠᠨ ᠤᠯᠤᠰ ᠤᠨ ᠠᠷᠠᠯᠵᠢᠶᠠᠨ ᠤ ᠪᠡᠯᠡ ᠣᠷᠣᠭᠤᠯᠤᠯᠲᠠ | ᠪᠠᠭᠠᠰᠴᠤ᠂ ᠬᠠᠮᠠᠭᠠᠯᠠᠬᠤ ᠦᠵᠡᠯ ᠭᠠᠭᠴᠠ ᠲᠠᠯᠠᠲᠤ ᠦᠵᠡᠯ ᠰᠢᠷᠦᠭᠦᠰᠴᠦ ᠪᠠᠶᠢᠭ᠎ᠠ ᠣᠨᠴᠠᠭᠠᠢ ᠠᠬᠤᠶ ᠪᠠᠶᠢᠳᠠᠯ ᠳᠣᠤᠷ᠎ᠠ᠂ | ᠡᠯ᠎ᠡ ᠲᠠᠯ᠎ᠠ ᠶᠢᠨ ᠬᠢᠨ RCEP ᠶᠢᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠣᠯᠠᠨ ᠲᠠᠯᠠᠲᠤ ᠦᠵᠡᠯ ᠪᠠ | ᠴᠢᠯᠥᠭᠡᠲᠦ ᠠᠷᠠᠯᠵᠢᠶᠠᠨ ᠤ ᠢᠯᠠᠯᠲᠠ ᠶᠢ ᠲᠤᠩᠬᠠᠭᠯᠠᠵᠤ᠂ ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠨᠡᠮᠡᠭᠳᠡᠯ ᠳᠤ ᠢᠲᠡᠭᠡᠯ | ᠵᠣᠷᠢᠭ ᠢᠶᠠᠨ ᠬᠥᠪᠴᠢᠯᠡᠪᠡ︾ ᠭᠡᠪᠡ᠃ | ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠨᠢ ᠵᠡᠭᠦᠨ ᠠᠽᠢᠶ᠎ᠠ ᠶᠢᠨ ᠭᠠᠵᠠᠷ ᠣᠷᠣᠨ ᠤ ᠭᠤᠣᠯ ᠪᠣᠯᠬᠤ | ᠤᠯᠤᠰ ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠪᠡ᠃ ᠣᠯᠠᠨ ᠤᠯᠤᠰ ᠤᠨ ᠨᠠᠷᠠᠲᠤ ᠣᠶᠤᠨ ᠤ ᠬᠥᠮᠥᠷᠭᠡ ᠶᠢᠨ ᠲᠥᠰᠦᠭᠡᠯᠡᠨ | ᠪᠤᠳᠤᠭᠰᠠᠨ ᠢᠶᠠᠷ᠂ 2025 ᠣᠨ ᠪᠣᠯᠬᠤ ᠳᠤ᠂ RCEP ᠨᠢ ᠪᠦᠷᠢᠯᠳᠦᠬᠦᠨ ᠤᠯᠤᠰ ᠤᠨ ᠢᠶᠠᠨ ᠭᠠᠳᠠᠭᠠᠳᠤ ᠭᠠᠷᠭᠠᠯᠲᠠ᠂ | ᠭᠠᠳᠠᠭᠠᠳᠤ ᠪᠠᠯᠠ ᠣᠷᠣᠭᠤᠯᠤᠯᠲᠠ ᠶᠢᠨ ᠬᠠᠳᠠᠭᠠᠯᠠᠮᠵᠢ ᠶᠢᠨ ᠬᠡᠮᠵᠢᠶ᠎ᠡ᠂ GDP ᠶᠢ ᠳᠠᠶᠢᠴᠢᠯᠠᠬᠤ ᠨᠢ ᠰᠠᠭᠤᠷᠢ | ᠱᠤᠭᠤᠮ ᠠᠴᠠ ᠲᠣᠰ ᠲᠣᠰ 10.4%᠂ 2.6%᠂ 1.8% ᠢᠯᠡᠭᠦᠦ ᠨᠡᠮᠡᠭᠳᠡᠭᠦᠯᠬᠦ ᠡᠷᠡᠮᠡᠯᠵᠡᠯ ᠲᠠᠢ ᠪᠠᠶᠢᠨ᠎ᠠ ᠭᠡᠪᠡ᠃ | ᠳᠡᠯᠡᠬᠡᠢ ᠳ᠋ᠠᠬᠢᠨ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ ᠠᠽᠢᠶ᠎ᠠ | ᠲᠢᠪ ᠨᠣᠮᠣᠬᠠᠨ ᠲᠠᠯᠠᠢ ᠶᠢᠨ ᠣᠷᠣᠨ ᠨᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠴᠢᠬᠤᠯᠠ ᠦᠢᠯᠡᠳᠦᠯ | ᠦᠵᠡᠭᠦᠯᠵᠦ ᠪᠠᠶᠢᠨ᠎ᠠ᠃ ᠷᠤᠸᠠᠨ ᠽᠦᠩ ᠽᠧ ᠬᠡᠯᠡᠬᠦ ᠳᠤ ᠪᠠᠨ᠂ RCEP ᠲᠣᠭᠲᠠᠭᠰᠠᠨ ᠨᠢ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ︵FTAAP︶ ᠤ ᠠᠬᠢᠴᠠ ᠳᠤ ᠪᠡᠶᠡᠯᠡᠭᠳᠡᠯ ᠤᠨ ᠵᠠᠮ ᠮᠥᠷ ᠢ | ᠣᠯᠭᠤᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠶᠢᠰᠢᠳᠠ ᠶᠢᠨ ᠪᠦᠬᠦ ᠪᠥᠮᠪᠥᠷᠴᠡᠭ ᠤᠨ ᠬᠥᠭᠵᠢᠯᠲᠡ ᠶᠢᠨ | ᠪᠠᠶᠢᠷᠢᠰᠢᠯ ᠳᠠᠬᠢ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠳᠡᠭ ᠢ ᠲᠥᠰᠥᠭᠡᠯᠡᠨ ᠮᠡᠳᠡᠵᠦ ᠪᠣᠯᠣᠨ᠎ᠠ | ᠭᠡᠵᠡᠢ᠃ | | | | | ᠥᠩᠬᠦᠷᠢᠭᠦᠯ ᠲᠡᠭᠡᠭᠡᠪᠦᠷᠢᠲᠦ ᠪᠠᠷᠠᠭ᠎ᠠ ᠶᠢᠨ ᠣᠩᠭᠤᠴᠠ ︽ᠯᠣᠣᠯᠠ︾ ᠬᠠᠶᠢᠺᠸᠤ ᠶᠢᠨ ᠰᠢᠤ ᠢᠩ ᠭᠠᠷᠠᠮ ᠳᠤ | ᠣᠷᠣᠵᠤ ᠢᠷᠡᠪᠡ᠂ ᠡᠨᠡ ᠪᠣᠯ ᠬᠠᠶᠢᠨᠠᠨ ᠤ ᠴᠢᠯᠥᠭᠡᠲᠦ ᠠᠷᠠᠯᠵᠢᠶᠠᠨ ᠤ ᠣᠷᠣᠨ ᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠠᠴᠠ ᠨᠠᠭᠠᠰᠢᠬᠢ ᠠᠩᠬᠠᠳᠠᠭᠴᠢ ᠮᠠᠰᠢᠨ ᠲᠡᠷᠭᠡᠨ ᠤ ᠭᠠᠳᠠᠭᠠᠳᠤ ᠠᠷᠠᠯᠵᠢᠶᠠᠨ ᠤ ᠣᠩᠭᠤᠴᠠ ᠪᠣᠯᠤᠨ᠎ᠠ ︵ | 2 ᠳ᠋ᠤᠭᠠᠷ ᠰᠠᠷ᠎ᠠ ᠶᠢᠨ 16 ᠤ ᠡᠳᠦᠷ ᠵᠢᠯᠣᠭᠤᠴᠢ ᠦᠭᠡᠢ ᠨᠢᠰᠬᠡᠯ ᠢᠶᠠᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠶᠠᠩ ᠭᠤᠸᠠᠨ ᠢᠦᠶ ᠰᠡᠭᠦᠳᠡᠷᠯᠡᠪᠡ | | | ᠴᠢᠨᠠᠷ ᠰᠠᠶᠢᠲᠠᠶ ᠪᠠ ᠪᠠᠭᠲᠠᠭᠠᠮᠵᠢᠲᠤ ᠴᠢᠨᠠᠷ ᠤᠨ ᠨᠢᠭᠡᠳᠦᠯ | ᠣᠶᠢᠯᠠᠭᠠᠭᠰᠠᠨ ᠢᠶᠠᠷ᠂ RCEP ᠨᠢ ᠣᠷᠣᠰᠢᠯ᠂ 20 ᠪᠦᠯᠦᠭ ︵ᠭᠤᠤᠯᠳᠠᠭᠤ ᠪᠠᠷᠠᠭᠠᠨ ᠤ ᠠᠷᠠᠯᠵᠢᠶ᠎ᠠ᠂ ᠣᠭ | ᠭᠠᠷᠤᠯᠲᠠ ᠶᠢᠨ ᠣᠷᠣᠨ ᠤ ᠲᠦᠷᠢᠮ᠂ ᠪᠣᠭᠤᠮᠲᠠ ᠶᠢᠨ ᠳᠡᠰ ᠳᠠᠷᠠᠭᠠᠯᠠᠯ ᠪᠠ ᠠᠷᠠᠯᠵᠢᠶ᠎ᠠ ᠶᠢ ᠳᠥᠭᠦᠮᠴᠢᠯᠡᠬᠦ᠂ ᠠᠷᠠᠯᠵᠢᠶᠠᠨ ᠤ | ᠲᠡᠳᠬᠦᠮᠵᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠪᠠᠭᠲᠠᠨ᠎ᠠ︶ ᠵᠢᠴᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠠᠮᠠᠯᠠᠯᠲᠠ ᠶᠢᠨ ᠳᠥᠷᠪᠡᠨ ᠬᠦᠰᠦᠨᠦᠭᠲᠦ ᠶᠢᠨ ᠳᠠᠭᠠᠯᠳᠤᠭᠤᠯᠤᠯ ᠢᠶᠠᠷ ᠪᠦᠷᠢᠯᠳᠦᠵᠡᠶ᠃ | RCEP ᠨᠢ ᠶᠠᠮᠠᠷ ᠶᠠᠮᠠᠷ ᠣᠨᠴᠠᠯᠢᠭ ᠲᠠᠢ ᠪᠣᠶ︖ ᠡᠨᠡ ᠪᠣᠯ ᠣᠲᠣ ᠦᠶ᠎ᠡ ᠶᠢᠨ᠂ ᠪᠥᠬᠦ ᠲᠠᠯ᠎ᠠ ᠶᠢᠨ᠂ ᠴᠢᠨᠠᠷ | ᠰᠠᠶᠢᠲᠠᠶ᠂ ᠬᠠᠷᠢᠯᠴᠠᠨ ᠠᠰᠢᠭ ᠬᠦᠷᠲᠡᠬᠦ ᠲᠣᠮᠣ ᠬᠡᠯᠪᠡᠷᠢ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠮᠦᠨ — | ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠪᠥᠭᠡᠳ ᠣᠯᠠᠨ ᠤᠯᠤᠰ ᠤᠨ ᠠᠷᠠᠯᠵᠢᠶᠠᠨ ᠤ ᠬᠡᠯᠡᠯᠴᠡᠭᠡ ᠶᠢᠨ | ᠳᠡᠳ᠋ ᠲᠥᠯᠥᠭᠡᠯᠡᠭᠴᠢ ᠸᠠᠩ ᠱᠸᠦ ᠸᠧᠨ ᠢᠩᠭᠢᠵᠦ ᠬᠡᠯᠡᠭᠰᠡᠨ ᠪᠠᠶᠢᠨ᠎ᠠ᠃ | ᠡᠭᠦᠨ ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ ᠺᠣᠷᠢᠶᠠ | ᠵᠡᠷᠭᠡ ᠤᠯᠤᠰ ᠲᠠᠢ ︽10+1︾ ᠴᠢᠯᠥᠭᠡᠲᠦ ᠠᠷᠠᠯᠵᠢᠶᠠᠨ ᠤ ᠣᠯᠠᠨ ᠬᠡᠯᠡᠯᠴᠡᠭᠡᠷ ᠲᠣᠭᠲᠠᠵᠠᠶ᠃ ᠳᠤᠮᠳᠠᠳᠤ᠂ ᠶᠠᠫᠣᠨ᠂ | ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 5 ᠤᠯᠤᠰ ᠴᠤ ᠬᠤᠭᠤᠷᠣᠨᠳᠣ ᠪᠠᠰᠠ ᠴᠢᠯᠥᠭᠡᠲᠦ ᠠᠷᠠᠯᠵᠢᠶᠠᠨ ᠤ | ᠬᠠᠨᠢᠲᠠᠨ ᠤ ᠤᠯᠠᠨ ᠬᠠᠷᠢᠴᠠᠭ᠎ᠠ ᠪᠠᠶᠢᠪᠠ᠃ ᠬᠠᠷᠢᠴᠠᠭᠤᠯᠵᠤ ᠦᠵᠡᠪᠡᠯ᠂ RCEP ᠶᠢᠨ ᠦᠢᠯᠡᠴᠢᠯᠡᠭᠡᠨ ᠤ ᠠᠷᠠᠯᠵᠢᠶ᠎ᠠ ᠪᠠ | ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠢᠷᠢ ᠲᠥᠪᠰᠢᠨ ᠨᠢ ︽10 + 1︾ ᠶᠢᠨ ᠬᠡᠯᠡᠯᠴᠡᠭᠡᠷ ᠠᠴᠠ ᠥᠨᠳᠥᠷ | ᠪᠠᠶᠢᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶ ᠶᠢᠨ ᠠᠷᠠᠯᠵᠢᠶᠠᠨ ᠤ ᠲᠦᠷᠢᠮ ᠤᠨ ︽ᠡᠮᠬᠢᠯᠡᠨ ᠨᠡᠶᠢᠯᠡᠭᠦᠯᠬᠦ | ᠪᠠᠭᠠᠵᠢ︾ ᠶᠢᠨ ᠦᠢᠯᠡᠳᠦᠯ ᠢ ᠪᠠᠳᠠᠷᠠᠭᠤᠯᠬᠤ ᠪᠣᠯᠤᠨ᠎ᠠ᠃ | ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ | ᠢᠦᠶ ᠮᠢᠶᠣᠣ ᠵᠢᠶᠧ ᠬᠡᠯᠡᠭᠰᠡᠨ ᠨᠢ᠂ ᠬᠡᠷᠪᠡ ᠡᠯ᠎ᠡ ᠤᠯᠤᠰ ᠤᠳ ᠬᠤᠭᠤᠷᠣᠨᠳᠣ ᠪᠠᠨ ᠠᠷᠠᠯᠵᠢᠶᠠᠨ ᠤ ᠬᠡᠯᠡᠯᠴᠡᠭᠡᠷ | ᠲᠣᠭᠲᠠᠬᠤ ᠳᠤ ᠬᠦᠷᠪᠡᠯ᠂ ᠡᠯ᠎ᠡ ᠬᠡᠯᠡᠯᠴᠡᠭᠡᠷ ᠤᠨ ᠠᠳᠠᠯᠢ ᠪᠤᠰᠤ ᠳᠦᠷᠢᠮ ᠳᠤ ︽ᠢᠲ᠋ᠠᠯᠢ ᠶᠢᠨ ᠭᠤᠯᠢᠷ ᠤᠨ ᠠᠶᠠᠭ᠎ᠠ︾ | ᠶᠢᠨ ᠦᠵᠡᠭᠳᠡᠯ ᠭᠠᠷᠴᠤ᠂ ᠬᠠᠶᠢᠴᠢᠯᠠᠭᠠᠳ ᠲᠠᠰᠤᠷᠠᠬᠤ ᠦᠭᠡᠢ᠂ ᠵᠠᠰᠠᠭᠠᠳ ᠪᠠᠰᠠ ᠵᠥᠭᠰᠢᠷᠡᠬᠦ ᠦᠭᠡᠢ ᠪᠣᠯᠣᠨ᠎ᠠ᠃ | ᠨᠢᠭᠡᠳᠦᠯᠲᠡᠶ ᠲᠦᠷᠢᠮ ᠢ ᠪᠦᠷᠢᠯᠳᠦᠭᠦᠯᠪᠡᠯ᠂ ᠡᠵᠡᠩᠨᠡᠯᠲᠡ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ | ᠲᠣᠭᠲᠠᠭᠠᠯᠲᠤ ᠪᠤᠰᠤ ᠴᠢᠨᠠᠷ ᠢ ᠪᠠᠭᠠᠰᠬᠠᠬᠤ ᠪᠣᠯᠤᠨ᠎ᠠ ᠭᠡᠪᠡ᠃ | | | | | 11 ᠳ᠋ᠦ᠋ᠭᠡᠷ ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠭᠤᠸᠠᠩᠵᠧᠦ ᠶᠢᠨ | ᠠᠭᠠᠷ ᠤᠨ ᠠᠶᠠᠯᠠᠯ ᠤᠨ ᠰᠢᠤᠳᠠᠨ ᠤ ᠵᠦᠢᠯ ᠢ ᠰᠢᠢᠳᠪᠦᠷᠢᠯᠡᠬᠦ ᠲᠥᠪ ᠲᠤ᠂ ᠠᠵᠢᠯᠲᠠᠳ ᠶᠡᠷᠦᠩᠬᠡᠶ ᠪᠣᠭᠤᠳᠠᠯ ᠶᠠᠪᠤᠭᠤᠯᠬᠤ | ᠭᠡᠵᠦ ᠪᠠᠶᠢᠭ᠎ᠠ ᠣᠷᠣᠨ ᠳᠤ ᠠᠵᠢᠯᠯᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ ᠬᠤᠸᠠ | ᠰᠡᠭᠦᠳᠡᠷᠯᠡᠪᠡ | | | ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠵᠢᠭᠠᠵᠤ | ᠭᠠᠷᠭᠠᠭᠰᠠᠨ ᠨᠢ᠂ RCEP ᠨᠢ ᠣᠷᠣᠨ ᠪᠦᠰᠡ ᠶᠢᠨ ᠬᠤᠷᠠᠮᠳᠠᠭᠤᠯᠤᠭᠰᠠᠨ ᠤᠭ ᠭᠠᠷᠤᠯᠲᠠ ᠶᠢᠨ ᠣᠷᠣᠨ ᠤ ᠳᠦᠷᠢᠮ ᠢ | ᠠᠰᠢᠭᠯᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ | ᠬᠡᠯᠬᠢᠶ᠎ᠡ ᠶᠢ ᠭᠦᠨᠵᠡᠭᠡᠶᠢᠷᠡᠭᠦᠯᠦᠨ᠎ᠡ︔ ᠰᠢᠨ᠎ᠡ ᠮᠡᠷᠭᠡᠵᠢᠯ ᠢ ᠠᠰᠢᠭᠯᠠᠨ ᠪᠣᠭᠤᠮᠲᠠ ᠶᠢᠨ ᠳᠥᠭᠦᠮᠴᠢᠯᠡᠯᠲᠡ ᠶᠢ ᠠᠬᠢᠭᠤᠯᠵᠤ᠂ | ᠰᠢᠨ᠎ᠡ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ︔ ᠨᠠᠵᠠᠭᠠᠢ | ᠲᠠᠯ᠎ᠠ ᠶᠢᠨ ᠨᠠᠷᠢᠨ ᠬᠠᠭᠤᠳᠠᠰᠤ ᠪᠠᠷ ᠪᠡᠯᠡ ᠣᠷᠣᠭᠤᠯᠤᠯᠲᠠ ᠶᠢᠨ ᠴᠢᠯᠥᠭᠡᠵᠢᠯ ᠢ ᠠᠬᠢᠭᠤᠯᠵᠤ ᠪᠡᠯᠡ ᠣᠷᠤᠭᠤᠯᠤᠯᠲᠠ ᠶᠢᠨ | ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠡᠳᠡᠭᠡᠷ ᠨᠢ ᠴᠥᠮ ᠣᠷᠣᠨ ᠪᠦᠰᠡ ᠶᠢᠨ | ᠳᠣᠲᠣᠭᠠᠳᠤ ᠶᠢᠨ ᠠᠵᠤ ᠠᠬᠤᠢ ᠠᠷᠠᠯᠵᠢᠶᠠᠨ ᠤ ᠲᠦᠷᠢᠮ ᠤᠨ ᠰᠢᠯᠢᠳᠡᠭᠵᠢᠯᠲᠡ ᠪᠠ ᠨᠡᠶᠢᠯᠡᠯᠲᠡ ᠶᠢ ᠠᠬᠢᠭᠤᠯᠬᠤ ᠪᠣᠯᠤᠨ᠎ᠠ | ᠭᠡᠵᠡᠢ᠃ | ︽ᠴᠢᠨᠠᠷ ᠰᠠᠶᠢᠲᠠᠶ ᠪᠠᠶᠢᠬᠤ︾ ᠪᠣᠯ RCEP ᠶᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭᠠᠨ ᠤ | ᠠᠷᠠᠯᠵᠢᠶ᠎ᠠ ᠶᠢᠨ ᠡᠴᠦᠰ ᠤᠨ ᠪᠣᠭᠤᠮᠲᠠ ᠶᠢᠨ ᠭᠠᠶᠢᠯᠢ ᠦᠭᠡᠢ ᠦᠢᠯᠡᠳᠬᠦᠨ ᠤ ᠲᠤᠭ᠎ᠠ ᠨᠢ ᠪᠦᠬᠦᠯᠢ ᠴᠣᠭᠴᠠ ᠶᠢᠨ | 90% ᠶᠢ ᠳᠠᠪᠠᠵᠦ᠂ ᠦᠢᠯᠡᠴᠢᠯᠡᠭᠡᠨ ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠶᠡᠷᠦᠩᠬᠡᠶ ᠨᠡᠭᠡᠭᠡᠯᠲᠡ ᠶᠢᠨ ᠬᠢᠷᠢ | ᠲᠥᠪᠰᠢᠨ ᠤᠤᠯ ᠤᠨ ︽10+1︾ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠢ ᠠᠴᠠ ᠢᠯᠡᠳᠲᠡ ᠥᠨᠳᠥᠷ ᠪᠣᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠥᠷᠢᠰᠥᠯᠳᠥᠭᠡᠨ ᠤ | ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ ᠲᠦᠪᠰᠢᠨ ᠪᠥᠬᠦᠶ | ᠣᠳᠣᠬᠢᠴᠢᠯᠠᠭᠰᠠᠨ ᠵᠥᠪᠯᠡᠬᠦ ᠰᠡᠳᠦᠪ ᠢ ᠴᠦ ᠡᠭᠦᠨ ᠳᠤ ᠣᠷᠤᠭᠤᠯᠬᠤ ᠪᠣᠯᠣᠨ᠎ᠠ ᠁ | ᠷᠤᠸᠠᠨ ᠽᠦᠩ ᠽᠧ ᠬᠡᠯᠡᠬᠦ ᠳᠤ ᠪᠠᠨ᠂ ᠬᠤᠶᠢᠰᠢᠳᠠ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠳ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠩ ᠶᠡᠭᠡ ᠬᠡᠮᠵᠢᠶ᠎ᠡ ᠪᠠᠷ᠂ ᠨᠡᠩ ᠳᠥᠭᠦᠮ ᠳᠥᠲᠡ ᠬᠦᠷᠲᠡᠬᠦ ᠪᠣᠯᠤᠮᠵᠢ ᠲᠠᠢ᠂ | ᠡᠯ᠎ᠡ ᠤᠯᠤᠰ ᠤᠨ ᠠᠷᠠᠳ ᠲᠦᠮᠡᠨ ᠴᠦ ᠨᠡᠩ ᠬᠢᠮᠳᠠ ᠦᠨ᠎ᠡ ᠪᠠᠷ ᠭᠠᠳᠠᠭᠠᠳᠤ ᠠᠴᠠ ᠣᠷᠣᠭᠤᠯᠬᠤ ᠦᠢᠯᠡᠳᠬᠦᠨ ᠢ ᠡᠳ᠋ᠯᠡᠵᠦ | ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠨᠢ ᠤᠯᠠᠮ ᠨᠢᠭᠡ ᠠᠯᠬᠤᠮ ᠬᠠᠩᠭᠠᠭᠳᠠᠬᠤ ᠪᠣᠯᠤᠨ᠎ᠠ ᠭᠡᠪᠡ᠃ | | | | | | ᠡᠨᠡ ᠪᠣᠯ ᠬᠡᠪ ᠨᠡᠶᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ ᠨᠢ 10 ᠳ᠋ᠤᠭᠠᠷ ᠰᠠᠷ᠎ᠠ ᠶᠢᠨ 27 ᠤ ᠡᠳᠦᠷ | ᠺᠣᠷᠢᠶᠠ ᠶᠢᠨ ᠰᠸᠦ᠋ᠯ ᠤᠨ ᠯᠦᠩ ᠱᠠᠨ ᠲᠣᠭᠤᠷᠢᠭ ᠲᠤ ᠰᠡᠭᠦᠳᠡᠷᠯᠡᠭᠰᠡᠨ ᠠᠶ ᠮᠦᠸᠧ ᠯᠢ ᠨᠣᠮᠣᠬᠠᠨ ᠳᠠᠯᠠᠶ ᠶᠢᠨ ᠶᠡᠷᠦᠩᠬᠡᠶ | ᠵᠠᠬᠢᠷᠭ᠎ᠠ ᠶᠢᠨ ᠲᠣᠮᠣ ᠠᠰᠠᠷ ᠳᠣᠲᠣᠷᠠᠬᠢ ︽ᠠᠶ ᠮᠦᠸᠧ ᠯᠢ ᠳᠡᠯᠭᠡᠭᠦᠷ︾ ᠪᠣᠯᠤᠨ᠎ᠠ᠃ ︵ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠸᠠᠩ ᠵᠢᠩ ᠴᠢᠶᠠᠩ ᠰᠡᠭᠦᠳᠡᠷᠯᠡᠪᠡ︶ ᠳᠣᠣᠷᠠᠬᠢ ᠨᠢ 11 ᠳ᠋ᠦ᠋ᠭᠡᠷ ᠰᠠᠷ᠎ᠠ ᠶᠢᠨ 8 ᠤ ᠡᠳᠦᠷ᠂ ᠲᠣᠭᠤᠷᠢᠨ | ᠦᠵᠡᠭᠴᠢ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ | ᠬᠡᠷᠡᠭᠯᠡᠭᠡᠨ ᠤ ᠡᠳ᠋ ᠤᠨ ᠦᠵᠡᠭᠦᠯᠭᠡ ᠶᠢᠨ ᠲᠣᠭᠤᠷᠢᠭ ᠤᠨ ᠠᠶ ᠮᠦᠸᠧ ᠯᠢ ᠨᠣᠮᠣᠬᠠᠨ ᠲᠡᠯᠡᠶ ᠶᠢᠨ ᠦᠵᠡᠭᠦᠯᠦᠯᠭᠡ ᠶᠢᠨ | ᠲᠠᠪᠴᠠᠩ ᠳᠤ ᠠᠷᠠᠰᠤ ᠬᠠᠮᠠᠭᠠᠯᠠᠬᠤ ᠡᠳ᠋ ᠢ ᠲᠤᠷᠰᠢᠨ ᠬᠡᠷᠡᠭᠯᠡᠵᠦ ᠪᠠᠶᠢᠭ᠎ᠠ ᠨᠢ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ | ᠵᠠᠩ ᠢᠦᠶ ᠸᠧᠶ ᠰᠡᠭᠦᠳᠡᠷᠯᠡᠪᠡ︶ | | | | ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠲᠡᠤᠬᠡᠲᠦ | ᠴᠢᠨᠠᠷᠲᠠᠢ ᠪᠠᠷ ᠳᠤᠮᠳᠠᠳᠤ ᠤᠯᠤᠰ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ ᠳᠤᠮᠳᠠᠳᠤ ᠤᠯᠤᠰ ᠪᠣᠯᠤᠨ | ᠪᠤᠰᠤᠳ RCEP ᠶᠢᠨ ᠪᠦᠷᠢᠯᠳᠦᠬᠦᠨ ᠤ ᠬᠤᠭᠤᠷᠣᠨᠳᠣᠬᠢ ᠠᠷᠠᠯᠵᠢᠶᠠᠨ ᠤ ᠶᠡᠷᠦᠩᠬᠡᠶ ᠬᠡᠮᠵᠢᠶ᠎ᠡ 10550 ᠳ᠋ᠦᠩᠰᠢᠭᠤᠷ | ᠳ᠋ᠣᠯᠯᠠᠷ ᠲᠤ ᠬᠦᠷᠴᠦ᠂ ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠣᠭᠠᠨ ᠤ ᠪᠠᠷᠤᠭ ᠭᠤᠷᠪᠠᠨ ᠤ ᠨᠢᠭᠡ | ᠬᠤᠪᠢ ᠶᠢ ᠡᠵᠡᠯᠡᠪᠡ᠃ ᠡᠶᠢᠮᠦ ᠯᠤᠲᠤ ᠶᠡᠭᠡ ᠠᠷᠠᠯᠵᠢᠶᠠᠨ ᠤ ᠬᠡᠮᠵᠢᠶ᠎ᠡ ᠨᠢ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ ᠪᠠᠷ | ᠳᠠᠮᠵᠢᠭᠠᠳ ᠯᠤᠲᠤ ᠶᠡᠭᠡ ︽ᠠᠷᠠᠯᠵᠢᠶᠠᠨ ᠤ ᠡᠭᠦᠳᠦᠯᠲᠡ︾ ᠶᠢᠨ ᠦᠢᠯᠡᠳᠦᠯ ᠭᠠᠷᠭᠠᠬᠤ ᠨᠢ ᠳᠠᠮᠵᠢᠭ ᠦᠭᠡᠢ ᠶᠤᠮ᠃ | ᠳᠤᠷᠠᠳᠤᠭᠤᠰᠢᠲᠠᠶ ᠵᠦᠢᠯ ᠭᠡᠪᠡᠯ᠂ RCEP ᠭᠡᠷ᠎ᠡ ᠪᠠᠷ ᠳᠠᠮᠵᠢᠨ᠂ ᠤᠤᠯ ᠨᠢ ᠴᠢᠯᠥᠭᠡᠲᠦ ᠠᠷᠠᠯᠵᠢᠶᠠᠨ ᠤ | ᠬᠡᠯᠡᠯᠴᠡᠭᠡᠷ ᠦᠭᠡᠢ ᠪᠠᠶᠢᠭᠰᠠᠨ ᠳᠤᠮᠳᠠᠳᠤ ᠶᠠᠫᠣᠨ᠂ ᠶᠠᠫᠣᠨ ᠺᠣᠷᠢᠶᠠ ᠬᠤᠭᠤᠷᠣᠨᠳᠤ ᠪᠠᠨ ᠪᠠᠰᠠ ᠴᠢᠯᠥᠭᠡᠲᠦ ᠠᠷᠠᠯᠵᠢᠶᠠᠨ ᠤ | ᠰᠢᠨ᠎ᠡ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠴᠢᠯᠥᠭᠡᠲᠦ ᠠᠷᠠᠯᠵᠢᠶᠠᠨ ᠤ ᠬᠡᠮᠵᠢᠶ᠎ᠡ | ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | ︽RCEP ᠶᠢ ᠲᠣᠭᠲᠠᠭᠰᠠᠨ ᠨᠢ᠂ ᠳᠤᠮᠳᠠᠳᠤ ᠶᠠᠫᠣᠨ ᠺᠣᠷᠢᠶᠠ ᠶᠢᠨ ᠨᠡᠩ ᠥᠨᠳᠥᠷ ᠲᠦᠪᠰᠢᠨ ᠪᠦᠬᠦᠢ ᠠᠵᠤ | ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠳᠤ ᠳᠡᠮᠵᠢᠯᠭᠡ ᠪᠣᠯᠬᠤ ᠪᠥᠭᠡᠳ ᠢᠷᠡᠭᠡᠳᠦᠢ ᠳᠤ ᠳᠤᠮᠳᠠᠳᠤ ᠶᠠᠫᠣᠨ | ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤᠬᠢᠷᠠᠯᠴᠠᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ︾ ᠭᠡᠵᠦ | ᠸᠠᠩ ᠱᠸᠦ ᠸᠧᠨ ᠬᠡᠯᠡᠪᠡ᠃ | ᠬᠠᠷᠢᠯᠴᠠᠨ ᠬᠠᠷᠠᠭᠠᠯᠵᠠᠯ ᠦᠵᠡᠭᠦᠯᠬᠦ ᠲᠠᠯ᠎ᠠ ᠪᠠᠷ᠂ RCEP ᠨᠢ ᠠᠳᠠᠯᠢ ᠪᠤᠰᠤ ᠤᠯᠤᠰ ᠤᠨ ᠪᠠᠶᠢᠳᠠᠯ ᠢ | ᠬᠠᠷᠠᠭᠠᠯᠵᠠᠨ᠂ ᠬᠠᠮᠤᠭ ᠤᠨ ᠬᠤᠴᠤᠷᠠᠩᠭᠤᠢ ᠤᠯᠤᠰ ᠲᠤ ᠣᠨᠴᠠᠭᠠᠶ ᠪᠠ ᠵᠥᠷᠢᠶᠡᠲᠦ ᠬᠠᠷᠠᠭᠠᠯᠵᠠᠯ ᠬᠦᠷᠲᠡᠭᠡᠬᠦ ᠪᠣᠯᠣᠨ᠎ᠠ᠂ | ᠥᠭᠡᠷ᠎ᠡ ᠪᠠᠷ ᠬᠡᠯᠡᠪᠡᠯ ᠡᠯ᠎ᠡ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠬᠤ | ᠪᠣᠯᠣᠨ᠎ᠠ᠃ ᠵᠠᠳᠠᠯᠤᠭᠴᠢᠳ ᠬᠡᠯᠡᠬᠦ ᠳᠤ ᠪᠠᠨ᠂ ᠡᠨᠡ ᠨᠢ ᠲᠣᠰ ᠭᠠᠵᠠᠷ ᠣᠷᠣᠨ ᠤ ᠪᠠᠨ ᠪᠠᠭᠲᠠᠭᠠᠮᠵᠢᠲᠠᠶ ᠲᠡᠩᠴᠡᠭᠦᠷᠢᠲᠡᠢ | ᠬᠥᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ RCEP ᠶᠢᠨ ᠦᠷ᠎ᠡ ᠪᠦᠲᠦᠭᠡᠯ ᠢ ᠭᠦᠢᠴᠡᠳ ᠬᠠᠮᠲᠤ ᠪᠠᠷ | ᠬᠦᠷᠲᠡᠭᠡᠬᠦ ᠪᠣᠯᠤᠨ᠎ᠠ ᠭᠡᠵᠡᠶ᠃ | | | | | 11 ᠳ᠋ᠦ᠋ᠭᠡᠷ ᠰᠠᠷ᠎ᠠ ᠶᠢᠨ 10 ᠤ ᠡᠳᠦᠷ᠂ ᠲᠣᠭᠤᠷᠢᠨ ᠦᠵᠡᠭᠴᠢᠳ ᠭᠤᠷᠪᠠᠳᠤᠭᠠᠷ ᠬᠤᠭᠤᠴᠠᠭᠠᠨ ᠤ ᠭᠠᠳᠠᠭᠠᠳᠤ | ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠢᠳᠡᠭᠡᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ | ᠦᠵᠡᠭᠦᠯᠦᠯᠭᠡ ᠶᠢᠨ ᠲᠣᠭᠤᠷᠢᠭ ᠤᠨ ᠶᠠᠫᠤᠨ ᠤ ᠠᠷᠠᠯᠵᠢᠶ᠎ᠠ ᠶᠢ ᠬᠥᠭᠵᠢᠭᠦᠯᠦᠨ ᠮᠠᠨᠳᠤᠭᠤᠯᠬᠤ ᠪᠠᠶᠢᠭᠤᠯᠤᠮᠵᠢ ᠶᠢᠨ | ᠦᠵᠡᠭᠦᠯᠦᠯᠭᠡ ᠶᠢᠨ ᠲᠠᠪᠴᠠᠩ ᠠᠴᠠ ᠭᠠᠷᠴᠤ ᠢᠷᠡᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠴᠧᠨ | ᠶᠧ ᠬᠤᠸᠠ ᠰᠡᠭᠦᠳᠡᠷᠯᠡᠪᠡ | | | | ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ | ᠴᠢᠯᠥᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠪᠣᠯ ᠳᠤᠮᠳᠠᠳᠤ | ᠤᠯᠤᠰ ᠤᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠠᠭᠤᠯᠭ᠎ᠠ ᠪᠣᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ︽ᠪᠦᠬᠦ ᠪᠥᠮᠪᠥᠷᠴᠡᠭ ᠲᠤ | ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ︾ | ᠭᠡᠵᠦ ᠲᠣᠳᠣᠷᠬᠠᠶ ᠳᠤᠷᠠᠳᠤᠨ ᠭᠠᠷᠭᠠᠪᠠ︔ ᠲᠡᠷᠢᠭᠦᠯᠡᠭᠴᠢ ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠭᠠᠳᠠᠭᠠᠳᠤ | ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠡᠭᠡᠷ᠎ᠡ ᠪᠠᠰᠠ ︽ᠳᠤᠮᠳᠠᠳᠤ ᠤᠯᠤᠰ ᠳᠤᠷᠠᠲᠠᠶ᠎ᠠ ᠨᠠᠩ ᠣᠯᠠᠨ | ᠤᠯᠤᠰ ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠣᠷᠣᠨ | ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠠᠯᠢ ᠲᠦᠷᠭᠡᠨ ᠢᠶᠠᠷ | ᠭᠠᠷ ᠤᠨ ᠦᠰᠦᠭ ᠵᠢᠷᠤᠬᠤ ᠶᠢ ᠠᠬᠢᠭᠤᠯᠤᠨ᠎ᠠ ᠁︾ ᠭᠡᠵᠦ ᠲᠣᠳᠣᠷᠬᠠᠢ ᠢᠯᠡᠷᠬᠡᠶᠢᠯᠡᠪᠡ᠃ | ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠬᠤ ᠨᠢ | ᠳᠤᠮᠳᠠᠳᠤ ᠤᠯᠤᠰ ᠰᠢᠨ᠎ᠡ ᠴᠠᠭ ᠦᠶ᠎ᠡ ᠳᠤ ᠨᠡᠬᠡᠬᠡᠯᠳᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ | ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢᠶᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠬᠦ ᠳᠤ ᠯᠤᠲᠤ ᠶᠡᠭᠡ ᠬᠦᠴᠦᠨ ᠨᠡᠮᠡᠷᠢᠯᠡᠬᠦ ᠪᠣᠯᠤᠨ᠎ᠠ ᠭᠡᠵᠡᠢ᠃ | ︽RCEP ᠪᠣᠯ ︿ᠬᠤᠤᠰ ᠣᠷᠴᠢᠯ﹀ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠦᠢᠯ ᠤᠨ | ᠵᠠᠩᠭᠢᠯᠠᠭ᠎ᠠ ᠪᠣᠯᠬᠤ ᠲᠣᠭᠲᠠᠴᠠ ᠶᠢᠨ ᠴᠢᠨᠠᠷᠲᠠᠶ ᠬᠠᠮᠲᠤᠷᠠᠯᠴᠠᠭᠠᠨ ᠤ ᠲᠠᠪᠴᠠᠩ ᠮᠥᠨ᠂ ᠡᠨᠡ ᠬᠦ ᠪᠣᠷᠣ ᠲᠥᠯᠥᠪ ᠤᠨ | ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ ᠢ ᠨᠡᠩ ᠥᠨᠳᠥᠷ ᠪᠦᠲᠦᠮᠵᠢᠲᠡᠢ ᠳᠤᠬᠢᠷᠠᠭᠤᠯᠵᠤ | ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠠᠬᠢᠭᠤᠯᠬᠤ ᠪᠣᠯᠤᠨ᠎ᠠ︾ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃ | | | | | | | ᠡᠨᠡ ᠪᠣᠯ ᠬᠡᠪ ᠨᠡᠶᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ ᠨᠢ ᠠᠶ ᠯᠠᠶ ᠹᠡ ᠰᠢ ᠰᠢᠨ᠎ᠡ ᠽᠢᠯᠠᠨᠳ᠋ ᠤᠨ | ᠺᠣᠮᠫᠠᠨᠢ ᠶᠢᠨ ᠠᠵᠢᠯᠲᠠᠨ ᠵᠠᠶᠢᠷᠮᠠᠭ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠯᠠᠵᠤ ᠪᠠᠶᠢᠭ᠎ᠠ ᠨᠢ ︵ᠮᠠᠲ᠋ᠧᠷᠢᠶᠠᠯ | ᠬᠡᠷᠡᠯ ᠵᠢᠷᠤᠭ᠂ ᠰᠢᠨᠬᠤᠸᠠ ᠬᠤᠷᠢᠶ᠎ᠠ ᠲᠠᠷᠬᠠᠭᠠᠪᠠ︶︔ ᠳᠣᠣᠷᠠᠬᠢ ᠨᠢ 11 ᠳ᠋ᠦ᠋ᠭᠡᠷ ᠰᠠᠷ᠎ᠠ ᠶᠢᠨ 7 ᠤ ᠡᠳᠦᠷ᠂ ᠠᠵᠢᠯᠲᠠᠳ | ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ G′ nature | ᠦᠵᠡᠭᠦᠯᠦᠯᠭᠡ ᠶᠢᠨ ᠲᠠᠶᠢᠰᠠᠨ᠎ᠠ ᠰᠢᠨ᠎ᠡ ᠽᠢᠯᠠᠨᠳ᠋ ᠠᠴᠠ ᠣᠷᠤᠭᠤᠯᠤᠭᠰᠠᠨ ᠵᠠᠶᠢᠷᠮᠠᠭ ᠢ ᠳᠡᠯᠭᠡᠨ ᠦᠵᠡᠭᠦᠯᠵᠦ ᠪᠠᠶᠢᠭ᠎ᠠ ᠨᠢ ︵ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ︶ | | | | ᠬᠤᠶᠠᠷ ᠪᠦᠯᠦᠭ ᠲᠤᠭ᠎ᠠ ᠨᠢ RCEP ᠶᠢᠨ ︽ᠠᠯᠲᠠᠨ ᠤ ᠠᠭᠤᠯᠤᠭᠳᠠᠴᠠ︾ ᠶᠢ ᠬᠠᠮᠤᠭ ᠠᠴᠠ ᠢᠯᠡᠭᠦᠤ | ᠭᠡᠷᠡᠴᠢᠯᠡᠵᠦ ᠴᠢᠳᠠᠨ᠎ᠠ᠄ | — RCEP ᠲᠣᠭᠲᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠭᠠᠳᠠᠭᠠᠳᠤ ᠯᠦᠭᠡ ᠲᠣᠭᠲᠠᠭᠰᠠᠨ ᠴᠢᠯᠥᠭᠡᠲᠦ | ᠠᠷᠠᠯᠵᠢᠶᠠᠨ ᠤ ᠬᠡᠯᠡᠯᠴᠡᠭᠡᠷ 19 ᠪᠣᠯᠵᠤ᠂ ᠴᠢᠯᠥᠭᠡᠲᠦ ᠠᠷᠠᠯᠵᠢᠶᠠᠨ ᠤ ᠬᠠᠨᠢᠲᠠᠨ 26 ᠪᠣᠯᠪᠠ︔ | — RCEP ᠪᠠᠷ ᠳᠠᠮᠵᠢᠭᠤᠯᠤᠨ ᠳᠤᠮᠳᠠᠳᠤ ᠶᠠᠫᠣᠨ ᠤ ᠴᠢᠯᠥᠭᠡᠲᠦ ᠠᠷᠠᠯᠵᠢᠶᠠᠨ ᠤ ᠬᠠᠷᠢᠴᠠᠭ᠎ᠠ ᠶᠢ ᠰᠢᠨ᠎ᠡ ᠪᠠᠷ | ᠪᠠᠶᠢᠭᠤᠯᠪᠠ᠂ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ ᠶᠢᠨ ᠲᠦᠷᠦᠭᠦᠦ ᠠᠷᠪᠠ ᠶᠢᠨ ᠠᠵᠤ ᠠᠬᠤᠢ ᠶᠢᠨ | ᠴᠣᠭᠴᠠ ᠲᠠᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠤ ᠪᠠᠶᠢᠭ᠎ᠠ ᠶᠤᠮ᠂ ᠡᠨᠡ ᠨᠢ ᠳᠤᠮᠳᠠᠳᠤ ᠤᠯᠤᠰ ᠪᠣᠯᠤᠨ | ᠴᠢᠯᠥᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠠᠷᠠᠯᠵᠢᠶᠠᠨ ᠤ ᠪᠦᠷᠬᠦᠴᠡ ᠶᠢᠨ ᠨᠤᠷᠮ᠎ᠠ ᠣᠳᠣᠬᠠᠨ ᠤ 27% ᠠᠴᠠ | 35% ᠪᠣᠯᠭᠠᠨ ᠳᠡᠭᠡᠭᠰᠢᠯᠡᠭᠦᠯᠪᠡ᠃ | | | | | ᠱᠠᠨᠰᠢ ᠮᠤᠵᠢ ᠶᠢᠨ ᠱᠠᠩ ᠯᠦᠸᠧ ᠬᠤᠲᠠ ᠶᠢᠨ ᠳ᠋ᠠᠨ ᠹᠧᠩ ᠰᠢᠶᠠᠨ ᠤ ᠨᠢᠭᠡᠨ ᠢᠳᠡᠭᠡᠨ ᠤ ᠺᠣᠮᠫᠠᠨᠢ ᠳᠤ᠂ | ᠨᠡᠪᠲᠡᠷᠡᠭᠦᠯᠦᠭᠴᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ ᠪᠠᠶᠢᠭ᠎ᠠ ᠨᠢ ︵7 ᠳ᠋ᠤᠭᠠᠷ ᠰᠠᠷ᠎ᠠ ᠶᠢᠨ 20 ᠤ ᠡᠳᠦᠷ | ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠰᠢᠶᠤᠤ ᠰᠡᠭᠦᠳᠡᠷᠯᠡᠪᠡ | | ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠯᠠᠨ ᠤᠯᠤᠰ ᠤᠨ ᠵᠠᠬ᠎ᠠ | ᠳᠡᠯᠭᠡᠭᠦᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠶ ᠮᠢᠩ ᠬᠡᠯᠡᠬᠦ ᠳᠤ ᠪᠠᠨ᠂ RCEP ᠳᠤ ᠭᠠᠷ ᠤᠨ ᠦᠰᠦᠭ | ᠵᠢᠷᠤᠭᠰᠠᠨ ᠨᠢ ᠮᠠᠨ ᠤ ᠤᠯᠤᠰ ᠨᠠᠩ ᠪᠦᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠯᠠᠨ ᠡᠰᠢᠲᠦ ᠭᠠᠳᠠᠭᠠᠳᠤ | ᠨᠡᠭᠡᠭᠡᠯᠲᠡ ᠪᠠᠷ ᠳᠠᠮᠵᠢᠨ᠂ ᠭᠠᠳᠠᠭᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠷᠠᠯᠵᠢᠶᠠᠨ ᠤ ᠪᠡᠯᠡ ᠣᠷᠣᠭᠤᠯᠤᠯᠲᠠ ᠶᠢᠨ | ᠲᠦᠷᠢᠮ ᠲᠠᠢ ᠲᠠᠰᠤᠷᠠᠯᠳᠠ ᠦᠭᠡᠢ ᠵᠣᠯᠭᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ | ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠪᠡ᠃ | ᠣᠳᠣᠬᠠᠨ ᠳᠤ RCEP ᠶᠢᠨ ᠬᠠᠮᠤᠭ ᠡᠴᠦᠰ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ ᠶᠢ ᠬᠦᠯᠢᠶᠡᠬᠦ | ᠪᠣᠯᠣᠨ᠎ᠠ᠄ ᠲᠣᠭᠲᠠᠭᠠᠯ ᠢ ᠦᠨᠳᠦᠰᠦᠯᠡᠪᠡᠯ᠂ RCEP ᠬᠡᠯᠡᠯᠴᠡᠭᠡᠷ ᠨᠢ 15 ᠪᠦᠷᠢᠯᠳᠦᠬᠦᠨ ᠤ ᠳᠣᠲᠣᠷ᠎ᠠ ᠨᠠᠭᠠᠳᠤ | ᠵᠠᠬ᠎ᠠ ᠳᠤ ᠪᠠᠨ 9 ᠨᠢ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠣᠨ᠎ᠠ᠂ ᠡᠭᠦᠨ ᠳᠤ ᠵᠡᠭᠦᠨ ᠡᠮᠦᠨᠡᠲᠦ ᠠᠽᠢᠶ᠎ᠠ ᠶᠢᠨ | ᠬᠤᠯᠪᠣᠭᠠᠨ ᠤ 6 ᠪᠦᠷᠢᠯᠳᠦᠬᠦᠨ ᠤᠯᠤᠰ ᠪᠣᠯᠣᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠠ ᠰᠢᠨ᠎ᠡ | ᠽᠢᠯᠠᠨᠳ᠋ ᠤᠨ ᠳᠤᠮᠳᠠ ᠠᠴᠠ ᠠᠳᠠᠭ ᠲᠤ ᠪᠠᠨ 3 ᠤᠯᠤᠰ ᠨᠢ ᠵᠥᠪᠰᠢᠶᠡᠷᠡᠭᠰᠡᠨ ᠪᠠᠶᠢᠬᠤ ᠬᠡᠷᠡᠭᠲᠡᠢ᠃ | ᠸᠠᠩ ᠱᠸᠦ ᠸᠧᠨ ᠲᠠᠨᠢᠯᠴᠠᠭᠤᠯᠬᠤ ᠳᠤ ᠪᠠᠨ᠂ ᠵᠠᠯᠭᠠᠭᠠᠳ RCEP ᠶᠢᠨ ᠡᠯ᠎ᠡ ᠪᠦᠷᠢᠯᠳᠦᠬᠦᠨ ᠲᠤᠰ ᠲᠤᠰ | ᠤᠯᠤᠰ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠬᠢᠨᠠᠨ ᠵᠥᠪᠰᠢᠶᠡᠷᠡᠬᠦ ᠵᠢᠷᠤᠮ ᠢ ᠭᠦᠢᠴᠡᠳᠬᠡᠵᠦ᠂ ᠬᠡᠯᠡᠯᠴᠡᠭᠡᠷ ᠤᠨ | ᠡᠷᠲᠡᠬᠡᠨ ᠬᠦᠴᠦᠨ ᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ ᠤᠯᠤᠰ ᠤᠨ | ᠳᠣᠲᠣᠭᠠᠳᠤ ᠶᠢᠨ ᠵᠥᠪᠰᠢᠶᠡᠷᠡᠯ ᠤᠨ ᠳᠡᠰ ᠳᠠᠷᠠᠭᠠᠯᠠᠯ ᠢᠶᠠᠨ ᠲᠥᠷᠭᠡᠳᠬᠡᠵᠦ᠂ ᠳᠤᠮᠳᠠᠳᠤ ᠤᠯᠤᠰ ᠴᠤ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ RCEP ᠬᠡᠯᠡᠯᠴᠡᠭᠡᠷ ᠢ ᠲᠤᠰ ᠭᠠᠵᠠᠷ ᠣᠷᠣᠨ ᠤ ᠠᠵᠤ ᠠᠬᠤᠶᠢᠯᠠᠯ ᠪᠠ | ᠠᠷᠠᠳ ᠲᠦᠮᠡᠨ ᠳᠤ ᠡᠷᠲᠡᠬᠡᠨ ᠠᠰᠢᠭ ᠬᠦᠷᠲᠡᠭᠦᠯᠬᠦ ᠪᠠᠷ ᠴᠢᠷᠮᠠᠶᠢᠨ᠎ᠠ ᠭᠡᠪᠡ᠃ | ︽ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠥᠪᠬᠡᠨ ᠡᠬᠢᠯᠡᠯᠲᠡ ᠲᠡᠳᠦᠶ ᠶᠤᠮ᠂ RCEP ᠨᠢ ᠲᠤᠰ | ᠭᠠᠵᠠᠷ ᠣᠷᠣᠨ ᠳᠤ ᠨᠢᠭᠡᠨ ᠲᠠᠪᠴᠠᠩ ᠬᠠᠩᠭᠠᠪᠠ᠂ ᠡᠯ᠎ᠡ ᠲᠠᠯ᠎ᠠ ᠶᠢᠨ ᠬᠢᠨ ᠡᠨᠡ ᠬᠦ ᠰᠠᠭᠤᠷᠢᠨ ᠳᠡᠭᠡᠷ᠎ᠡ ᠤᠯᠠᠮ ᠨᠢᠭᠡ | ᠠᠯᠬᠤᠮ ᠬᠠᠮᠲᠤᠷᠠᠯᠴᠠᠨ᠂ ᠠᠷᠠᠯᠵᠢᠶᠠᠨ ᠤ ᠪᠡᠯᠡ ᠣᠷᠣᠭᠤᠯᠤᠯᠲᠠ ᠪᠠᠷ ᠨᠡᠩ ᠥᠨᠳᠥᠷ ᠲᠦᠪᠰᠢᠨ ᠪᠦᠬᠦᠢ ᠴᠢᠯᠥᠭᠡᠵᠢᠯᠲᠡ | ᠳᠥᠭᠦᠮᠴᠢᠯᠡᠯᠲᠡ ᠶᠢ ᠪᠡᠶᠡᠯᠡᠭᠦᠯᠬᠦ ᠬᠡᠷᠡᠭ ᠲᠠᠢ ᠶᠤᠮ︾ ᠭᠡᠵᠦ ᠸᠠᠩ ᠱᠸᠦ ᠸᠧᠨ ᠬᠡᠯᠡᠪᠡ᠃ | | | | | |