ᠲᠦᠷᠦᠭᠦᠬᠡᠨ᠂ ᠰᠤᠷᠪᠤᠯᠵᠢᠯᠠᠭᠴᠢ ᠯᠢᠶᠠᠩᠴᠧᠩ ᠰᠢᠶᠠᠨ ᠤ ᠶᠦᠩ ᠰᠢᠩ ᠪᠠᠯᠭᠠᠰᠤᠨ ᠤ ᠪᠠᠷᠠᠭᠤᠨ ᠬᠡᠰᠡᠭ ᠲᠤ | ᠪᠠᠶᠢᠷᠢᠯᠠᠵᠤ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠪᠣᠯᠪᠠᠰᠤᠷᠠᠭᠤᠯᠬᠤ ᠤᠶᠢᠯᠡᠳᠪᠤᠷᠢ ᠶᠢᠨ | ᠲᠣᠭᠤᠷᠢᠭ ᠲᠤ ᠣᠷᠣᠵᠤ᠂ ᠤᠶᠢᠯᠡᠳᠪᠤᠷᠢ ᠶᠢᠨ ᠬᠡᠷ ᠪᠠᠶᠢᠰᠢᠩ ᠨᠢ ᠥᠨᠳᠥᠷ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠡᠮᠬᠢ ᠵᠢᠷᠤᠮ ᠲᠠᠢ ᠣᠪᠣᠭᠠᠷᠠᠵᠠᠶ᠃ ᠦᠢᠯᠡᠳᠪᠦᠷᠢ ᠶᠢᠨ ᠭᠡᠷ ᠳᠣᠲᠣᠷᠠᠬᠢ ᠮᠠᠰᠢᠨ ᠬᠦᠩᠭᠢᠨᠡᠵᠦ᠂ | ᠤᠷᠤᠰᠤᠯ ᠱᠤᠭᠤᠮ ᠬᠡᠪ ᠢᠶᠠᠷ ᠠᠵᠢᠯᠯᠠᠵᠤ ᠪᠠᠶᠢᠨ᠎ᠠ᠃ ᠠᠵᠢᠯᠴᠢᠳ ᠶᠡᠭᠡ ᠲᠡᠷᠭᠡ ᠪᠠᠷ ᠵᠥᠭᠡᠭᠡᠪᠦᠷᠢᠯᠡᠵᠦ | ᠠᠪᠴᠢᠷᠠᠭᠰᠠᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠪᠠᠨ ᠬᠦᠷᠭᠡᠯᠲᠡ ᠶᠢᠨ ᠪᠦᠰᠡ ᠳᠡᠭᠡᠷ᠎ᠡ ᠲᠠᠯᠪᠢᠭᠠᠳ | ᠡᠪᠳᠡᠷᠬᠡᠶ ᠲᠠᠰᠤᠭ ᠲᠤ ᠵᠥᠭᠡᠭᠡᠪᠦᠷᠢᠯᠡᠨ ᠠᠪᠠᠴᠢᠨ᠎ᠠ᠃ ᠤᠷᠲᠤ ᠤᠬᠢᠶᠠᠯᠭ᠎ᠠ ᠶᠢᠨ ᠣᠩᠭᠤᠴᠠᠨ ᠳᠤ ᠤᠬᠢᠶᠠᠭᠰᠠᠨ ᠤ | ᠳᠠᠷᠠᠭ᠎ᠠ᠂ ᠬᠡᠮᠬᠡᠷᠬᠡᠶ ᠲᠥᠬᠦᠭᠡᠷᠦᠮᠵᠢ ᠪᠠᠷ ᠬᠡᠮᠬᠡᠷᠬᠡᠶ ᠪᠣᠯᠭᠠᠵᠤ ᠳᠠᠬᠢᠨ ᠰᠦᠯᠢᠶᠣᠣ ᠮᠥᠬᠦᠯᠢᠭ ᠲᠥᠬᠦᠭᠡᠷᠦᠮᠵᠢ ᠪᠠᠷ | ᠰᠦᠯᠢᠶᠣᠣ ᠮᠥᠬᠦᠯᠢᠭ ᠵᠣᠬᠢᠶᠠᠳᠠᠭ᠃ ᠤᠭᠤᠲᠠᠨ ᠳᠤ ᠰᠠᠪᠠᠯᠠᠭᠰᠠᠨ ᠤ ᠳᠠᠷᠠᠭ᠎ᠠ ᠲᠦᠭᠦᠬᠡᠶ ᠮᠠᠲ᠋ᠧᠷᠢᠶᠠᠯ ᠤᠨ | ᠬᠥᠮᠥᠷᠭᠡ ᠳᠤ ᠣᠷᠣᠭᠤᠯᠤᠨ᠎ᠠ᠃ ᠥᠷᠭᠡᠨ ᠲᠣᠮᠣ ᠮᠠᠲ᠋ᠧᠷᠢᠶᠠᠯ ᠤᠨ ᠬᠥᠮᠥᠷᠭᠡ ᠶᠢᠨ ᠰᠦᠯᠢᠶᠣᠣ ᠤᠭᠤᠲᠠ ᠶᠢ | ᠣᠪᠣᠭᠠᠯᠠᠵᠤ᠂ 50 ᠭᠠᠷᠤᠶ ᠲᠣᠨ ᠪᠠᠶᠢᠳᠠᠭ᠃ ᠡᠳᠡᠭᠡᠷ ᠲᠦᠭᠦᠬᠡᠢ ᠮᠠᠲ᠋ᠧᠷᠢᠶᠠᠯ ᠢ ᠬᠡᠪᠰᠢᠭᠦᠯᠬᠦ ᠮᠠᠰᠢᠨ ᠪᠤᠶᠤ | ᠳᠤᠰᠤᠯ ᠪᠦᠰᠡ ᠶᠢᠨ ᠲᠥᠬᠦᠭᠡᠷᠦᠮᠵᠢ ᠪᠠᠷ ᠳᠠᠮᠵᠢᠨ ᠰᠦᠯᠢᠶᠣᠣ ᠪᠦᠷᠬᠦᠪᠴᠢ ᠪᠤᠶᠤ ᠳᠤᠰᠤᠯ ᠤᠰᠤᠯᠠᠬᠤ ᠪᠦᠰᠡ | ᠵᠣᠬᠢᠶᠠᠨ᠎ᠠ᠃ ᠵᠠᠬ᠎ᠠ ᠳᠡᠯᠭᠡᠭᠦᠷ ᠲᠤ ᠭᠠᠷᠭᠠᠵᠤ ᠪᠣᠯᠤᠨ᠎ᠠ᠃ ᠪᠣᠯᠪᠠᠰᠤᠷᠠᠭᠤᠯᠬᠤ ᠤᠶᠢᠯᠡᠳᠪᠤᠷᠢ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ ᠰᠢᠢᠳᠪᠤᠷᠢᠯᠡᠬᠦ ᠶᠢᠨ ᠬᠠᠮᠳᠤ ᠲᠤᠰ ᠪᠡᠶ᠎ᠡ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ᠎ᠠ᠃ ᠪᠡᠯᠡ ᠣᠷᠣᠭᠤᠯᠵᠤ᠂ ᠬᠠᠶᠠᠭᠳᠠᠮᠠᠯ ᠤᠰᠤ᠂ | ᠬᠠᠶᠠᠭᠳᠠᠮᠠᠯ ᠬᠡᠢ᠂ ᠱᠤᠤᠭᠢᠶᠠᠨ᠂ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠰᠢᠰᠲ᠋ᠧᠮ ᠢ ᠪᠦᠲᠦᠭᠡᠨ ᠪᠠᠶᠢᠭᠤᠯᠵᠤ᠂ | ᠬᠡᠳᠦ᠋ᠢᠪᠡᠷ ᠲᠠᠷᠢᠶᠠᠯᠠᠩ ᠤᠨ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠪᠣᠯᠪᠠᠴᠤ᠂ ᠥᠴᠦᠬᠡᠨ ᠴᠦ ᠬᠤᠣᠷᠲᠤ | ᠪᠣᠳᠠᠰ ᠪᠠ ᠬᠡᠢ ᠪᠡᠶᠡᠲᠦ ᠶᠢ ᠭᠠᠳᠠᠭᠰᠢᠯᠠᠭᠤᠯᠤᠭᠰᠠᠨ ᠦᠭᠡᠢ ᠶᠤᠮ᠃ | ᠶᠡᠷᠦᠩᠬᠡᠶ ᠳᠠᠭᠠᠭᠠᠮᠠᠯ ᠴᠧᠨ ᠸᠧᠨ ᠭᠧ ᠲᠠᠨᠢᠯᠴᠠᠭᠤᠯᠬᠤ ᠳᠠᠭᠠᠨ᠂ ᠡᠨᠡ ᠬᠠᠪᠤᠷ ᠪᠢᠳᠡ ᠤᠶᠢᠯᠡᠳᠪᠤᠷᠢ | ᠪᠠᠶᠢᠭᠤᠯᠵᠤ ᠡᠬᠢᠯᠡᠪᠡ᠃ ᠡᠭᠦᠨ ᠤ ᠬᠠᠮᠲᠤ᠂ ᠵᠠᠰᠠᠭ ᠤᠨ ᠣᠷᠳᠣᠨ ᠲᠠᠢ ᠬᠠᠮᠵᠢᠯᠴᠠᠨ ᠳᠠᠭ᠎ᠠ ᠶᠢᠨ ᠨᠠᠭᠤᠷ ᠤᠨ | ᠡᠷᠬᠢᠨ ᠲᠣᠭᠤᠷᠢᠨ ᠤ ᠲᠣᠰᠬᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠳᠠᠯᠳᠤᠨ ᠠᠪᠤᠨ᠎ᠠ᠃ | ᠡᠨᠡ ᠤᠶᠢᠯᠡᠳᠪᠤᠷᠢ ᠶᠢᠨ ᠶᠡᠷᠦᠩᠬᠡᠢ ᠪᠡᠯᠡ ᠣᠷᠣᠭᠤᠯᠤᠯᠲᠠ ᠨᠢ 700 ᠲᠦᠮᠡᠨ ᠲᠥᠭᠦᠷᠢᠭ᠂ ᠣᠳᠣᠬᠠᠨ ᠳᠤ 680 | ᠭᠠᠷᠤᠶ ᠲᠦᠮᠡᠨ ᠲᠥᠭᠦᠷᠢᠭ ᠣᠷᠣᠭᠤᠯᠵᠤ᠂ ᠤᠶᠢᠯᠡᠳᠪᠤᠷᠢᠯᠡᠬᠦ ᠴᠢᠳᠠᠪᠤᠷᠢ ᠶᠢ ᠪᠦᠷᠢᠯᠳᠦᠭᠦᠯᠵᠡᠶ᠃ ᠣᠳᠣ ᠡᠬᠢᠯᠡᠨ | ᠲᠤᠷᠰᠢᠨ ᠤᠶᠢᠯᠡᠳᠪᠤᠷᠢᠯᠡᠵᠦ᠂ ᠨᠢᠳᠤᠨᠤᠨ ᠪᠠ ᠡᠨᠡ ᠬᠠᠪᠤᠷ ᠬᠤᠳᠠᠯᠳᠤᠨ ᠠᠪᠤᠭᠰᠠᠨ 800 ᠭᠠᠷᠤᠶ ᠲᠣᠨ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠰᠢᠢᠳᠪᠤᠷᠢᠯᠡᠵᠦ ᠪᠠᠶᠢᠨ᠎ᠠ᠃ ᠡᠨᠡ ᠵᠢᠯ ᠤᠨ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ ᠬᠤᠳᠠᠯᠳᠤᠨ ᠠᠪᠴᠤ ᠢᠷᠡᠬᠦ ᠵᠢᠯ ᠤᠨ ᠬᠠᠪᠤᠷ ᠤᠶᠢᠯᠡᠳᠪᠤᠷᠢᠯᠡᠯ ᠳᠤ | ᠪᠡᠯᠡᠳᠬᠡᠯ ᠬᠢᠬᠦ ᠪᠣᠯᠵᠠᠶ᠃ ᠠᠵᠤ ᠠᠬᠤᠶᠢᠯᠠᠯ ᠤᠨ ᠬᠢᠨ ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢ | ᠶᠡᠷᠦᠩᠬᠡᠶᠢᠯᠡᠨ ᠵᠠᠰᠠᠬᠤ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ 2021 ᠣᠨ ᠳᠤ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ 1000 ᠲᠣᠨ ᠠᠴᠠ 1500 ᠲᠣᠨ ᠪᠣᠯᠪᠠᠰᠤᠷᠠᠭᠤᠯᠬᠤ ᠪᠠᠷ ᠵᠢᠱᠢᠵᠦ ᠪᠤᠢ | ᠃ | ᠣᠶᠢᠯᠠᠭᠠᠭᠰᠠᠨ ᠢᠶᠠᠷ᠂ 2020 ᠤᠨ᠂ ᠯᠢᠶᠠᠩᠴᠧᠩ ᠰᠢᠶᠠᠨ 2016 ᠤᠨ ᠠᠴᠠ ᠨᠠᠰᠢᠬᠢ ᠬᠤᠶᠠᠷ ᠢ | ᠠᠷᠪᠢᠯᠠᠬᠤ ᠬᠤᠶᠠᠷ ᠢ ᠨᠥᠬᠦᠪᠥᠷᠢᠯᠡᠬᠦ ᠬᠤᠶᠠᠷ ᠢ ᠰᠡᠷᠭᠦᠭᠡᠬᠦ ᠵᠠᠰᠠᠯᠲᠠ ᠶᠢᠨ ᠦᠷ᠎ᠡ ᠪᠦᠲᠦᠭᠡᠯ ᠢ ᠪᠠᠲᠤᠳᠬᠠᠨ | ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠪᠠᠳᠤᠯᠠᠭ᠎ᠠ ᠶᠢᠨ ᠡᠷᠴᠢᠮ ᠢᠶᠠᠨ ᠴᠢᠩᠭᠠᠳᠬᠠᠵᠠᠢ᠃ ᠳᠠᠭ᠎ᠠ ᠶᠢᠨ | ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ | ᠲᠠᠷᠢᠶᠠᠯᠠᠩ ᠤᠨ ᠣᠯᠠᠨ ᠡᠬᠢᠲᠦ ︽ᠳᠥᠷᠪᠡ ᠶᠢ ᠬᠢᠵᠠᠭᠠᠷᠯᠠᠬᠤ᠂ ᠭᠤᠷᠪᠠ ᠶᠢ ᠰᠢᠢᠳᠪᠤᠷᠢᠯᠡᠬᠦ︾ ᠠᠷᠭ᠎ᠠ ᠬᠡᠮᠵᠢᠶ᠎ᠡ | ᠶᠢ ᠶᠡᠬᠡᠪᠡᠷ ᠬᠡᠷᠡᠭᠵᠢᠭᠦᠯᠵᠦ᠂ ︽ᠳᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ | ᠲᠦᠯᠦᠪᠵᠢᠭᠦᠯᠭᠡ︾ ᠶᠢ ᠲᠣᠭᠲᠠᠭᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠤᠶᠢᠯᠡᠳᠪᠤᠷᠢ | ᠪᠣᠯ ᠳᠠᠷᠤᠶ ᠲᠤᠰ ᠲᠥᠯᠥᠪᠵᠢᠭᠦᠯᠭᠡ ᠳᠠᠬᠢ 50 ᠲᠥᠷᠥᠯ ᠵᠤᠶᠢᠯ ᠤᠨ ᠨᠢᠭᠡ ᠪᠣᠯᠤᠨ᠎ᠠ᠃ ᠳᠠᠭ᠎ᠠ ᠶᠢᠨ ᠨᠠᠭᠤᠷ ᠤᠨ | ᠰᠠᠪᠠ ᠭᠠᠵᠠᠷ ᠤᠨ ᠭᠠᠵᠠᠷ ᠰᠢᠷᠣᠶ ᠳᠤ ᠰᠦᠯᠢᠶᠣᠣ ᠪᠦᠷᠬᠦᠪᠴᠢ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠶᠢᠨ | ᠬᠠᠮᠲᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠲᠠᠬᠢᠨᠠᠰᠢᠭᠯᠠᠬᠤ ᠬᠡᠷᠡᠭᠲᠡᠶ᠃ | ᠵᠢᠯ ᠤᠨ ᠡᠬᠢᠨ ᠳᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠰᠢᠭ ᠦᠭᠡᠢ ᠬᠦᠴᠦᠨ ᠵᠦᠢᠯ ᠢ ᠢᠯᠠᠨ ᠳᠠᠪᠠᠵᠤ᠂ ︽ᠳᠠᠭ᠎ᠠ ᠶᠢᠨ | ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠯᠥᠪᠵᠢᠭᠦᠯᠪᠡ︾ ᠶᠢᠨ ᠲᠥᠷᠥᠯ ᠵᠦᠢᠯ ᠤᠨ | ᠨᠠᠶᠢᠳᠠᠪᠦᠷᠢᠵᠢᠭᠤᠯᠤᠯᠳᠡ ᠶᠢ ᠬᠦᠴᠦᠯᠡᠨ ᠠᠬᠢᠭᠤᠯᠵᠤ᠂ ᠥᠪᠥᠷ ᠮᠣᠩᠭᠤᠯ ᠤᠨ ᠰᠦᠯᠢᠶᠣᠣ ᠪᠦᠲᠦᠭᠡᠭᠳᠡᠬᠦᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠣᠷᠣᠭᠤᠯᠤᠨ ᠠᠪᠴᠢᠷᠠᠵᠤ᠂ ᠡᠮᠦᠨᠡᠬᠢ ᠬᠤᠭᠤᠴᠠᠭᠠᠨ ᠤ ᠪᠠᠴᠢᠮ | ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠡᠯᠡᠳᠬᠡᠯ ᠢᠶᠠᠷ ᠳᠡᠮᠵᠢᠨ᠂ 2020 ᠣᠨ ᠤ 4 ᠰᠠᠷ᠎ᠠ ᠶᠢᠨ 1 ᠤ | ᠡᠳᠦᠷ ᠠᠴᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠪᠣᠯᠪᠠᠰᠤᠷᠠᠭᠤᠯᠬᠤ ᠤᠶᠢᠯᠡᠳᠪᠤᠷᠢ ᠶᠢ ᠡᠬᠢᠯᠡᠨ | ᠪᠥᠲᠥᠭᠡᠨ ᠪᠠᠶᠢᠭᠤᠯᠤᠨ᠎ᠠ᠃ ᠡᠭᠦᠨ ᠤ ᠬᠠᠮᠲᠤ᠂ ᠪᠥᠬᠦ ᠰᠢᠶᠠᠨ ᠤ ᠡᠯ᠎ᠡ ᠲᠣᠰᠬᠤᠨ ᠳᠤ ᠬᠠᠶᠠᠭᠳᠠᠮᠠᠯ ᠬᠠᠭᠤᠴᠢᠨ | ᠰᠦᠯᠢᠶᠣᠣ ᠪᠦᠷᠬᠦᠪᠴᠢ ᠬᠤᠷᠢᠶᠠᠨ ᠠᠪᠬᠤ ᠭᠠᠵᠠᠷ ᠭᠠᠷᠭᠠᠵᠤ ᠬᠤᠳᠠᠯᠳᠤᠨ ᠠᠪᠤᠨ᠎ᠠ᠃ ᠲᠠᠷᠢᠶᠠᠴᠢᠳ ᠤᠨ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠬᠤᠷᠢᠶᠠᠬᠤ ᠢᠳᠡᠪᠬᠢᠵᠢᠯ ᠢ ᠵᠣᠷᠢᠭᠵᠢᠭᠤᠯᠬᠤ ᠶᠢᠨ ᠲᠥᠯᠥᠭᠡ᠂ | ᠨᠡᠪᠲᠡᠷᠡᠭᠦᠯᠬᠦ᠂ ᠢᠯᠡᠳᠬᠡᠯ ᠤᠨ ᠦᠭᠡ ᠨᠠᠭᠠᠬᠤ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠤᠭᠰᠠᠨ ᠪᠥᠭᠡᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠡᠶ᠃ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠡ᠃ | ᠡᠭᠦᠨ ᠤ ᠬᠠᠮᠲᠤ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ 0.01 mm ᠤᠯᠤᠰ ᠤᠨ ᠪᠠᠷᠢᠮᠵᠢᠶᠠᠲᠤ | ᠰᠦᠯᠢᠶᠣᠣ ᠪᠦᠷᠬᠦᠪᠴᠢ ᠶᠢ ᠬᠡᠷᠡᠭᠯᠡᠭᠦᠯᠵᠦ᠂ ᠪᠤᠴᠠᠭᠠᠨ ᠬᠤᠷᠢᠶᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠯᠢᠶᠠᠩᠴᠧᠩ ᠰᠢᠶᠠᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠪᠣᠯᠪᠠᠰᠤᠷᠠᠭᠤᠯᠬᠤ ᠦᠢᠯᠡᠳᠪᠦᠷᠢ | ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠳᠤ 1 ᠲᠦᠮᠡᠨ ᠲᠣᠨ ᠬᠠᠶᠠᠭᠳᠠᠮᠠᠯ ᠬᠠᠭᠤᠴᠢᠨ | ᠰᠦᠯᠢᠶᠣᠣ ᠪᠦᠷᠬᠦᠪᠴᠢ ᠶᠢ ᠰᠢᠢᠳᠪᠦᠷᠢᠯᠡᠵᠦ᠂ ᠵᠢᠯ ᠳᠤ 3000 ᠲᠣᠨ ᠰᠦᠯᠢᠶᠣᠣ ᠪᠦᠷᠬᠦᠪᠴᠢ ᠶᠢ | ᠦᠢᠯᠡᠳᠪᠦᠷᠢᠯᠡᠵᠦ᠂ 2000 ᠲᠣᠨ ᠳᠤᠰᠤᠯ ᠤᠰᠤᠯᠠᠬᠤ ᠪᠦᠰᠡ ᠶᠢ ᠦᠢᠯᠡᠳᠪᠦᠷᠢᠯᠡᠨ᠎ᠡ᠃ ᠵᠢᠯ ᠤᠨ | ᠦᠢᠯᠡᠳᠬᠦᠨ ᠤ ᠥᠷᠲᠡᠭ ᠨᠢ 4000 ᠲᠦᠮᠡᠨ ᠲᠥᠭᠦᠷᠢᠭ ᠲᠤ ᠬᠦᠷᠴᠦ᠂ ᠵᠢᠯ ᠳᠤ ᠪᠠᠷᠤᠭ 100 ᠲᠦᠮᠡᠨ | ᠲᠦᠭᠦᠷᠢᠭ ᠲᠤ ᠬᠦᠷᠴᠡᠶ᠃ ᠤᠶᠢᠯᠡᠳᠪᠤᠷᠢᠯᠡᠬᠦ ᠬᠤᠭᠤᠴᠠᠭᠠᠨ ᠳᠤ 40 ᠬᠥᠮᠦᠨ ᠡᠯᠰᠡᠵᠦ᠂ ᠮᠣᠳᠣᠨ | ᠮᠡᠷᠭᠡᠵᠢᠯ ᠤᠨ ᠠᠵᠢᠯᠲᠠᠨ ᠠᠴᠠ ᠭᠠᠳᠠᠨ᠎ᠠ᠂ 20 ᠶᠠᠳᠠᠭᠤ ᠬᠦᠴᠢᠷᠳᠡᠯᠲᠡᠶ ᠬᠥᠮᠦᠨ ᠠᠮᠠ ᠳᠤ ᠣᠷᠳᠣ | ᠬᠤᠭᠤᠴᠠᠭ᠎ᠠ ᠪᠠᠷ ᠠᠵᠢᠯ ᠣᠯᠭᠤᠵᠤ ᠪᠣᠯᠤᠨ᠎ᠠ᠃ ᠲᠡᠷᠡᠴᠢᠯᠡᠨ ᠪᠣᠯᠪᠠᠰᠤᠷᠠᠭᠤᠯᠬᠤ ᠦᠢᠯᠡᠳᠪᠦᠷᠢ ᠨᠢ ᠡᠭᠡᠭᠦᠯᠦᠨ | ᠬᠤᠷᠢᠶᠠᠬᠤ᠂ ᠲᠡᠭᠡᠭᠡᠪᠦᠷᠢᠯᠡᠬᠦ ᠵᠡᠷᠭᠡ ᠠᠵᠢᠯ ᠤᠨ ᠪᠠᠶᠢᠷᠢ ᠳᠡᠭᠡᠷ᠎ᠡ 200 ᠭᠠᠷᠤᠢ ᠠᠵᠢᠯᠴᠢᠨ ᠬᠡᠷᠡᠭᠯᠡᠵᠦ᠂ ᠡᠷᠬᠢᠨ | ᠲᠣᠭᠤᠷᠢᠨ ᠤ ᠲᠣᠰᠬᠤᠨ ᠤ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠤ ᠠᠵᠢᠯ ᠤᠯᠬᠤ ᠳᠤ | ᠨᠥᠬᠦᠴᠡᠯ ᠪᠦᠷᠢᠯᠳᠦᠭᠦᠯᠵᠦ ᠥᠭᠴᠡᠢ᠃ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠣᠯᠪᠠᠰᠤᠷᠠᠭᠤᠯᠤᠨ ᠳᠠᠬᠢᠨ ᠠᠰᠢᠭᠯᠠᠵᠤ᠂ ᠳᠠᠭ᠎ᠠ ᠶᠢᠨ | ᠨᠠᠭᠤᠷ ᠤᠨ ᠰᠠᠪᠠ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠬᠡᠮᠵᠢᠶᠡᠨ ᠤ ᠴᠠᠭᠠᠨ ᠪᠣᠬᠢᠷᠲᠤᠯ ᠢ | ᠪᠠᠭᠠᠰᠬᠠᠵᠤ ᠪᠣᠯᠬᠤ ᠨᠢ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠬᠤ᠂ ᠳᠠᠭ᠎ᠠ ᠶᠢᠨ ᠨᠠᠭᠤᠷ | ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠰᠤᠷᠪᠤᠯᠵᠢᠯᠠᠭᠴᠢ ᠄ ᠰᠦᠩ ᠹᠦ᠋ ᠾᠧᠩ ᠯᠢ ᠰᠢᠶᠣᠤ ᠾᠦᠢ | ᠤᠷᠴᠢᠭᠤᠯᠤᠭᠴᠢ᠄ ᠼᠦᠢ ᠴᠢᠩ |