11 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠢᠦᠢ ᠳ᠋ᠠᠶ ᠴᠢᠩ ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ | ᠰᠤᠳᠤᠯᠬᠤ ᠳᠠᠭᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠶᠡᠷᠦᠩᠬᠡᠶᠢᠯᠡᠨ | ᠵᠠᠰᠠᠬᠤ ᠰᠢᠰᠲ᠋ᠧᠮ ᠢ ᠪᠠᠷᠢᠮᠲᠠᠯᠠᠵᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠵᠠᠰᠠᠬᠤ ᠠᠵᠢᠯ ᠤᠨ ᠪᠣᠳᠠᠲᠤ | ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠭᠡᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ | ᠶᠦᠩ ᠰᠢᠶᠠᠩ᠂ ᠵᠢᠶᠠ ᠰᠢᠶᠤᠤ ᠫᠢᠩ ᠪᠠᠶᠢᠴᠠᠭᠠᠨ ᠰᠤᠳᠤᠯᠤᠯᠳᠡ ᠳᠤ ᠣᠷᠣᠯᠴᠠᠪᠠ᠃ | | | | | ᠭᠦᠩ ᠪᠠ ᠾᠧ ᠭᠤᠣᠯ ᠳᠠᠭᠠᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠢ ᠳ᠋ᠠᠶ ᠴᠢᠩ ᠨᠠᠭᠤᠷ ᠲᠤ | ᠴᠢᠳᠬᠤᠬᠤ ᠭᠤᠤᠯ ᠮᠥᠷᠡᠨ ᠤ ᠤᠰᠤᠨ ᠴᠣᠭᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤᠨ ᠤ | ᠴᠢᠨᠠᠷ ᠢ ᠬᠢᠨᠠᠨ ᠬᠡᠮᠵᠢᠭᠰᠡᠨ ᠪᠠᠶᠢᠳᠠᠯ ᠢ ᠯᠠᠪᠯᠠᠨ ᠠᠰᠠᠭᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠭᠤᠣᠯ ᠤᠨ ᠵᠠᠮ ᠢ | ᠵᠠᠰᠠᠬᠤ ᠪᠣᠯ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠴᠢᠬᠤᠯᠠ ᠨᠢᠭᠡ ᠵᠠᠩᠭᠢᠯᠠᠭ᠎ᠠ ᠪᠣᠯᠤᠨ᠎ᠠ᠂ ᠭᠤᠤᠯ ᠤᠨ | ᠵᠠᠮ ᠢ ᠵᠠᠰᠠᠬᠤ ᠪᠠ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠢ ᠡᠭᠦᠰᠦᠯ ᠠᠴᠠ ᠨᠢ ᠵᠠᠰᠠᠬᠤ | ᠠᠵᠢᠯ ᠢ ᠰᠠᠶᠢᠲᠤᠷ ᠠᠳᠬᠤᠵᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠳᠣᠲᠣᠭᠠᠳᠤ ᠭᠤᠤᠯ ᠮᠥᠷᠡᠨ ᠤ ᠵᠠᠮ ᠢ | ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ ᠭᠤᠤᠯ ᠤᠨ | ᠵᠠᠮ ᠳᠠᠭᠠᠤ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠎ᠠ᠃ ᠤᠰᠤᠨ ᠤ ᠴᠢᠨᠠᠷ ᠢ ᠪᠠᠶᠢᠴᠠᠭᠠᠨ | ᠰᠢᠯᠭᠠᠵᠤ ᠰᠤᠳᠤᠯᠤᠨ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠠᠪᠠ ᠭᠠᠵᠠᠷ ᠤᠨ ᠬᠥᠳᠡᠯᠦᠯ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠠᠮᠢ ᠠᠬᠤᠶ ᠶᠢᠨ | ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠵᠦ᠂ ᠭᠤᠤᠯ ᠮᠥᠷᠡᠨ ᠤ ᠠᠮᠢ ᠠᠬᠤᠶ ᠣᠷᠴᠢᠨ ᠠᠬᠤᠶ ᠶᠢᠨ | ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯ ᠤᠨ | ᠵᠠᠮ ᠢ ᠵᠠᠰᠠᠬᠤ ᠠᠵᠢᠯ ᠤᠨ ᠪᠠᠶᠢᠩᠭᠤᠵᠢᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ | ᠭᠡᠪᠡ᠃ | | | | | ᠳᠠᠭ᠎ᠠ ᠶᠢᠨ ᠨᠠᠭᠤᠷ ᠤᠨ ᠡᠮᠦᠨ᠎ᠡ ᠡᠷᠭᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠢ ᠳ᠋ᠠᠶ ᠴᠢᠩ | ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢᠨ ᠵᠠᠰᠠᠯᠲᠠ ᠶᠢ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠵᠢᠯᠣᠭᠤᠳᠬᠤ ᠭᠠᠵᠠᠷ ᠤᠨ ᠬᠢᠨ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ | ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠨᠠᠭᠤᠷ ᠤᠨ ᠠᠳᠠᠭ ᠲᠤ ᠣᠷᠣᠬᠤ ᠵᠠᠮ ᠱᠤᠭᠤᠮ ᠤᠨ ᠵᠢᠷᠤᠭ | ᠲᠥᠯᠥᠪᠯᠡᠭᠡ ᠶᠢᠨ ᠲᠥᠰᠦᠯ ᠢ ᠡᠷᠲᠡᠬᠡᠨ ᠲᠥᠯᠥᠪᠵᠢᠭᠦᠯᠬᠦ ᠬᠡᠷᠡᠭᠲᠡᠶ᠃ ᠶᠦᠨᠨᠠᠨ ᠤ ᠡᠯ ᠬᠠᠢ ᠵᠡᠷᠭᠡ ᠭᠠᠵᠠᠷ ᠤᠨ | ᠵᠠᠰᠠᠯᠲᠠ ᠶᠢᠨ ᠲᠤᠷᠰᠢᠯᠭ᠎ᠠ ᠶᠢ ᠰᠤᠳᠤᠯᠤᠨ ᠰᠤᠷᠤᠯᠴᠠᠵᠤ ᠯᠠᠪᠯᠠᠯᠲᠠ ᠪᠤᠯᠭᠠᠵᠤ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ | ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠦᠢᠯᠡᠳᠦᠯᠭᠡ ᠳᠤᠮᠳᠠ ᠭᠦᠢᠴᠡᠳ ᠬᠡᠷᠡᠭᠯᠡᠵᠦ᠂ | ᠡᠯ᠎ᠡ ᠵᠦᠢᠯ ᠤᠨ ᠵᠠᠰᠠᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ ᠭᠡᠪᠡ᠃ | | | | | | | | | ︽ᠲᠣᠨᠤᠭ ᠲᠥᠬᠦᠭᠡᠷᠦᠮᠵᠢ ᠤᠭᠰᠠᠷᠠᠵᠤ ᠳᠠᠭᠤᠰᠤᠭᠰᠠᠨ ᠤᠤ︖ ᠬᠠᠮᠢᠶ᠎ᠠ ᠪᠥᠬᠦᠶ ᠭᠠᠷ ᠭᠦᠢᠴᠡᠳᠭᠡᠯ | ᠪᠦᠷᠢᠨ ᠭᠦᠢᠴᠡᠳ ᠤᠤ︖ ᠢᠦᠢ ᠳ᠋ᠠᠶ ᠴᠢᠩ ᠨᠡᠷ ᠲᠢᠶᠠᠨ ᠴᠧᠩ ᠰᠢᠶᠠᠩ ᠤᠨ ᠣᠷᠭᠠᠨᠢᠭ ᠪᠣᠷᠳᠣᠭᠤᠷ ᠤᠨ | ᠤᠶᠢᠯᠡᠳᠪᠤᠷᠢ ᠶᠢᠨ ᠲᠥᠷᠥᠯ ᠵᠤᠶᠢᠯ ᠤᠨ ᠭᠠᠵᠠᠷ ᠲᠤ ᠬᠦᠷᠴᠦ᠂ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠡ ᠵᠢᠭᠠᠵᠤ ᠭᠠᠷᠭᠠᠭᠰᠠᠨ ᠨᠢ᠂ ᠣᠷᠭᠠᠨᠢᠭ ᠪᠣᠷᠳᠣᠭᠤᠷ ᠤᠨ ᠦᠢᠯᠡᠳᠪᠦᠷᠢ | ᠪᠣᠯ ᠮᠠᠨ ᠤ ᠰᠢᠶᠠᠨ ᠤ ᠠᠩᠬᠠᠳᠠᠭᠴᠢ ᠲᠠᠷᠢᠶᠠᠯᠠᠩ ᠤᠨ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠡᠷᠭᠢᠯᠳᠦᠭᠦᠯᠦᠨ | ᠠᠰᠢᠭᠯᠠᠬᠤ ᠲᠦᠷᠦᠯ ᠵᠦᠢᠯ ᠪᠣᠯᠤᠨ᠎ᠠ᠂ ᠳᠠᠭ᠎ᠠ ᠶᠢᠨ ᠨᠠᠭᠤᠷ ᠤᠨ ᠬᠠᠮᠠᠭᠠᠯᠠᠯᠳᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ | ᠪᠦᠬᠦ ᠰᠢᠶᠠᠨ ᠤ ᠮᠠᠯ ᠵᠢᠭᠦᠷᠲᠡᠨ ᠤ ᠪᠠᠭᠠᠰᠤᠨ ᠪᠤᠬᠢᠷᠳᠤᠯ᠂ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠲᠥᠷᠥᠯ ᠵᠦᠢᠯ ᠤᠨ ᠲᠥᠬᠦᠭᠡᠷᠦᠮᠵᠢ | ᠤᠭᠰᠠᠷᠠᠬᠤ ᠠᠬᠢᠴᠠ ᠪᠠ ᠬᠤᠯᠪᠣᠭᠳᠠᠯ ᠪᠦᠬᠦᠢ ᠭᠠᠷ ᠭᠦᠢᠴᠡᠳᠬᠡᠯ ᠭᠦᠢᠴᠡᠳᠬᠡᠬᠦ ᠶᠢ ᠲᠦᠷᠭᠡᠳᠬᠡᠵᠦ᠂ ᠲᠥᠷᠥᠯ | ᠵᠤᠶᠢᠯ ᠤᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠪᠡᠶᠡᠯᠡᠭᠦᠯᠵᠦ᠂ ᠡᠷᠲᠡᠬᠡᠨ ᠠᠰᠢᠭᠯᠠᠯᠲᠠ ᠳᠤ | ᠤᠷᠤᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ ᠃ | ᠰᠤᠷᠪᠤᠯᠵᠢᠯᠠᠭᠴᠢ᠄ ᠵᠠᠩ ᠰᠢᠶᠣᠤ ᠢᠩ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ | |