ᠳᠠᠭ᠎ᠠ ᠶᠢᠨ ᠨᠠᠭᠤᠷ ᠤᠨ ᠭᠦᠩ ᠪᠠ ᠾᠧ ᠭᠤᠤᠯ ᠤᠨ ᠠᠮᠠᠰᠠᠷ ᠢ ᠬᠠᠰᠢᠵᠤ ᠴᠡᠪᠡᠷᠰᠢᠭᠦᠯᠬᠦ ᠪᠣᠯᠤᠮᠵᠢᠲᠤ ᠰᠤᠳᠤᠯᠭᠠᠨ ᠤ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/1
    11 ᠰᠠᠷ᠎ᠠ ᠶᠢᠨ 30 ᠤ ᠡᠳᠦᠷ᠂ ᠳᠠᠭ᠎ᠠ ᠶᠢᠨ ᠨᠠᠭᠤᠷ ᠤᠨ ᠭᠦᠩ ᠪᠠ ᠾᠧ ᠭᠤᠣᠯ ᠤᠨ ᠠᠮᠠᠰᠠᠷ  ᠢ ᠬᠠᠰᠢᠨ ᠴᠡᠪᠡᠷᠰᠢᠭᠦᠯᠬᠦ ᠪᠣᠯᠤᠮᠵᠢᠲᠤ ᠰᠤᠳᠤᠯᠭᠠᠨ ᠤ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠠᠳᠤᠨ ᠭᠤᠣᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠳᠡᠳ᠋ ᠶᠡᠷᠦᠩᠬᠡᠶ ᠢᠨᠵᠧᠨᠧᠷ᠂ ᠠᠮᠢ ᠠᠬᠤᠢ ᠶᠢᠨ ᠬᠦᠷᠢᠶᠡᠯᠡᠩ ᠤᠨ ᠳᠠᠷᠤᠭ᠎ᠠ  ᠬᠤ᠋ ᠵᠢᠶᠠᠨ ᠬᠤᠸᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂  ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠢᠶᠠ ᠰᠢᠶᠤᠤ ᠫᠢᠩ ᠬᠤᠷᠠᠯ ᠳᠤ ᠣᠷᠣᠯᠴᠠᠪᠠ᠃
         ᠬᠤᠷᠠᠯ ᠳᠡᠭᠡᠷ᠎ᠡ᠂ ᠬᠠᠲᠤᠨ ᠭᠤᠤᠯ ᠤᠨ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠶᠢᠨ ᠲᠥᠷᠥᠯ  ᠵᠤᠶᠢᠯ ᠤᠨ ᠬᠠᠷᠢᠭᠤᠴᠠᠯᠭᠠᠲᠠᠨ ᠲᠥᠷᠥᠯ  ᠵᠤᠶᠢᠯ ᠤᠨ ᠠᠬᠤᠶ ᠪᠠᠶᠢᠳᠠᠯ ᠵᠢᠴᠢ  ᠤᠷᠤᠰᠢᠵᠦ ᠪᠠᠶᠢᠭ᠎ᠠ ᠠᠰᠠᠭᠤᠳᠠᠯ᠂ ᠢᠨᠵᠧᠨᠧᠷᠢᠩ ᠤᠨ ᠶᠡᠷᠦᠩᠬᠡᠶ ᠪᠠᠶᠢᠷᠢᠯᠠᠭᠤᠯᠤᠯᠲᠠ᠂ ᠬᠦᠷᠴᠦ ᠪᠣᠯᠬᠤᠶᠢᠴᠠ ᠵᠠᠳᠠᠯᠤᠯᠲᠠ ᠵᠡᠷᠭᠡ ᠲᠠᠯ᠎ᠠ ᠪᠠᠷ ᠳᠠᠭ᠎ᠠ ᠶᠢᠨ ᠨᠠᠭᠤᠷ ᠤᠨ ᠬᠥᠩ ᠪᠠ ᠾᠧ ᠭᠤᠤᠯ ᠤᠨ ᠠᠮᠠᠰᠠᠷ ᠢ ᠬᠠᠰᠢᠵᠤ ᠴᠡᠪᠡᠷᠰᠢᠭᠦᠯᠬᠦ ᠢᠨᠵᠧᠨᠧᠷᠢᠩ ᠵᠢᠴᠢ ᠤᠤᠯ ᠪᠠᠶᠢᠷᠢ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠳ ᠢᠨᠵᠧᠨᠧᠷᠢᠩ ᠤᠨ ᠲᠥᠯᠥᠪᠵᠢᠭᠦᠯᠪᠡ ᠵᠢᠷᠤᠭ ᠲᠥᠯᠥᠪᠯᠡᠭᠡ ᠶᠢᠨ ᠲᠠᠯ᠎ᠠ ᠪᠠᠷ ᠣᠷᠣᠰᠢᠵᠤ  ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠢᠶᠠᠨ  ᠭᠦᠢᠴᠡᠳ ᠰᠣᠯᠢᠯᠴᠠᠪᠠ᠃
         ᠬᠤᠷᠠᠯ ᠠᠴᠠ ᠵᠢᠭᠠᠵᠤ ᠭᠠᠷᠭᠠᠭᠰᠠᠨ ᠨᠢ᠂ ᠳᠠᠭ᠎ᠠ ᠶᠢᠨ ᠨᠠᠭᠤᠷ ᠤᠨ ᠭᠦᠩ ᠪᠠ ᠾᠧ ᠭᠤᠣᠯ ‍ᠤᠨ‌ᠠᠮᠠᠰᠠᠷ  ᠢ ᠬᠠᠰᠢᠵᠤ ᠴᠡᠪᠡᠷᠰᠢᠭᠦᠯᠬᠦ ᠢᠨᠵᠧᠨᠧᠷᠢᠩ ᠪᠣᠯᠤᠨ ᠤᠤᠯ  ᠤᠨ ᠪᠠᠶᠢᠭ᠎ᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠬᠦ ᠨᠢ ᠲᠦᠢᠯ ᠤᠨ ᠴᠢᠬᠤᠯᠠ ᠪᠠᠶᠢᠵᠤ᠂ ᠬᠠᠲᠤᠨ ᠭᠤᠣᠯ ᠤᠨ ᠤᠭ ᠤᠰᠤ ᠶᠢ ᠴᠡᠪᠡᠷᠰᠢᠭᠦᠯᠬᠦ ᠪᠠ ᠳᠠᠭ᠎ᠠ ᠶᠢᠨ ᠨᠠᠭᠤᠷ ᠤᠨ ᠬᠠᠳᠠᠭᠠᠯᠠᠭᠳᠠᠴᠠ ᠶᠢ  ᠪᠠᠭᠠᠰᠬᠠᠬᠤ ᠳᠤ ᠠᠰᠢᠭᠲᠠᠢ ᠶᠤᠮ᠃ ᠵᠢᠷᠤᠭᠯᠠᠨ ᠲᠥᠯᠥᠪᠯᠡᠬᠦ ᠨᠢᠭᠡᠴᠡ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭᠠᠨ ᠤ ᠲᠠᠯ᠎ᠠ  ᠪᠠᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠡᠰ  ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠬᠤ ᠬᠡᠷᠡᠭᠲᠡᠶ᠃ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠨᠢᠭᠡᠳᠦᠯᠲᠡᠶ ᠲᠥᠯᠥᠪᠯᠡᠵᠦ᠂ ᠨᠠᠷᠢᠨ ᠨᠢᠮᠪᠠᠶ ᠤᠬᠠᠭᠠᠯᠠᠨ ᠰᠡᠳᠦᠵᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠬᠠᠶᠢᠨ ᠪᠠᠶᠢᠴᠠᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ  ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃
          ᠬᠤᠷᠠᠯ ᠠᠴᠠ ᠱᠠᠭᠠᠷᠳᠠᠭᠰᠠᠨ ᠨᠢ᠂ ᠵᠢᠷᠤᠭ ᠲᠥᠯᠥᠪᠯᠡᠭᠡ ᠶᠢᠨ ᠨᠢᠭᠡᠴᠡ ᠲᠥᠯᠥᠪᠵᠢᠭᠦᠯᠪᠡ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠳᠡᠭᠡᠭᠰᠢᠯᠡᠭᠦᠯᠵᠦ᠂ ᠵᠢᠷᠤᠭ ᠲᠥᠯᠥᠪᠯᠡᠭᠡ ᠶᠢᠨ ᠲᠥᠰᠦᠯ ᠳᠤ ᠳᠠᠭ᠎ᠠ ᠶᠢᠨ ᠨᠠᠭᠤᠷ ᠤᠨ ᠡᠮᠦᠨ᠎ᠡ ᠪᠠᠶᠢᠷᠢᠰᠢᠯᠳᠤ ᠬᠥᠮᠥᠷᠭᠡ ᠶᠢᠨ  ᠡᠯᠡᠰᠦ ᠠᠭᠤᠯᠤᠭᠰᠠᠨ ᠬᠡᠮᠵᠢᠶ᠎ᠡ᠂ ᠶᠡᠷᠦᠩᠬᠡᠶ ᠠᠽᠣᠲ᠂ ᠶᠡᠷᠦᠩᠬᠡᠶ ᠹᠣᠰᠹᠣᠷ᠂ COD ᠶᠢᠨ ᠬᠠᠷᠢᠴᠠᠯ ᠢ ᠪᠠᠭᠠᠰᠬᠠᠵᠤ  ᠂ ᠲᠥᠷᠥᠯ  ᠵᠤᠶᠢᠯ ᠤᠨ ᠪᠣᠯᠤᠮᠵᠢᠲᠤ ᠴᠢᠨᠠᠷ ᠢ ᠨᠡᠮᠡᠭᠳᠡᠭᠦᠯᠦᠨ᠎ᠡ᠃ ᠬᠤᠲᠠ ᠯᠤᠭ᠎ᠠ ᠵᠣᠯᠭᠠᠭᠤᠯᠵᠤ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠲᠥᠷᠥᠯ  ᠵᠤᠶᠢᠯ ᠢ ᠠᠬᠢᠭᠤᠯᠬᠤ ᠳᠤᠮᠳᠠ ᠣᠷᠣᠰᠢᠵᠤ  ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ  ᠰᠢᠢᠳᠪᠤᠷᠢᠯᠡᠵᠦ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠨ ᠡᠯ᠎ᠡ  ᠵᠤᠶᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ ᠭᠡᠵᠠᠢ᠃
           ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠳᠠᠭ᠎ᠠ ᠶᠢᠨ ᠨᠠᠭᠤᠷ ᠤᠨ ᠬᠠᠮᠢᠶᠠᠷᠤᠯᠲᠠ ᠶᠢᠨ ᠵᠥᠪᠯᠡᠯ ᠤᠨ  ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃                                 ᠰᠤᠷᠪᠤᠯᠵᠢᠯᠠᠭᠴᠢ᠄  ᠴᠧᠨ ᠶᠦᠨ                                 ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2