ᠪᠦᠬᠦ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠭᠡᠯ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/12
   ᠪᠦᠬᠦ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠭᠡᠯ ᠬᠢᠬᠦ ᠲᠤᠬᠠᠶ ᠮᠡᠳᠡᠭᠳᠡᠯ        ᠯᠢᠶᠠᠩᠴᠧᠩ ᠠᠯᠪᠠᠨ ᠲᠠᠷᠬᠠᠭᠠᠭᠰᠠᠨ ︹ 2020 ︺ 23 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ  ᠪᠦᠬᠦᠢ ᠨᠢᠭᠡᠴᠢ ᠳᠤ᠄    ᠮᠠᠨ ᠤ ᠰᠢᠶᠠᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠳᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ  ᠰᠤᠶᠢᠳᠭᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠪᠦᠬᠦ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠤᠰᠤ ᠠᠪᠬᠤ ᠵᠥᠪᠰᠢᠶᠡᠷᠡᠯ ᠤᠨ ᠭᠠᠷ  ᠭᠦᠢᠴᠡᠳᠭᠡᠯ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠡ ᠤᠰᠤᠨ ᠠᠰᠢᠭᠯᠠᠯᠲᠠ ᠶᠢᠨ ᠲᠣᠪᠴᠢᠶ᠎ᠠ ᠳᠤ  ᠬᠦᠷᠴᠦ ᠲᠠᠷᠢᠶᠠᠯᠠᠩ ᠤᠨ ᠲᠥᠷᠥᠯ  ᠵᠤᠶᠢᠯ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠠᠪᠬᠤ ᠵᠥᠪᠰᠢᠶᠡᠷᠡᠯ ᠤᠨ ᠬᠠᠮᠢᠶ᠎ᠠ ᠪᠦᠬᠦᠢ ᠭᠠᠷᠳᠠᠮ ᠢ  ᠭᠦᠢᠴᠡᠳᠭᠡᠬᠦ ᠬᠡᠷᠡᠭᠲᠡᠶ᠃ ᠣᠨᠴᠠᠭᠠᠶᠢᠯᠠᠨ ᠮᠡᠳᠡᠭᠳᠡᠪᠡ                               ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                          
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2