ᠢᠦᠢ ᠳ᠋ᠠᠶ ᠴᠢᠩ ᠲᠠᠭ᠎ᠠ ᠶᠢᠨ ᠨᠠᠭᠤᠷ ᠪᠠᠯᠭᠠᠰᠤ ᠪᠠ ᠲᠢᠶᠠᠨ ᠴᠧᠩ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/12/14
    12 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠲᠠᠭ᠎ᠠ ᠶᠢᠨ ᠨᠠᠭᠤᠷ ᠪᠠᠯᠭᠠᠰᠤ ᠪᠣᠯᠤᠨ ᠲᠢᠶᠠᠨ ᠴᠧᠩ ᠰᠢᠶᠠᠩ ᠳᠤ ᠭᠦᠨᠵᠡᠭᠡᠶᠢᠷᠡᠨ  ᠪᠠᠶᠢᠴᠠᠭᠠᠨ ᠰᠤᠳᠤᠯᠤᠯᠲᠠ ᠬᠢᠵᠦ ᠠᠵᠢᠯ  ᠢ ᠵᠢᠭᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
        ᠲᠠᠭ᠎ᠠ ᠶᠢᠨ ᠨᠠᠭᠤᠷ  ᠪᠠᠯᠭᠠᠰᠤᠨ ᠤ ᠶᠤᠸᠠᠨ ᠽᠢ ᠭᠸᠦ ᠲᠣᠰᠬᠤᠨ ᠳᠤ  ᠢᠦᠢ ᠳ᠋ᠠᠶ ᠴᠢᠩ ᠨᠡᠷ ᠰᠠᠪᠠ ᠭᠠᠵᠠᠷ ᠤᠨ ᠤᠰᠤᠨ ᠤ ᠬᠡᠮᠵᠢᠶ᠎ᠡ᠂ ᠤᠰᠤᠨ ᠤ ᠴᠢᠨᠠᠷ ᠤᠨ ᠪᠠᠶᠢᠳᠠᠯ ᠢ ᠨᠠᠷᠢᠨ  ᠤᠶᠢᠯᠠᠭᠠᠵᠤ᠂ ᠲᠤᠬᠠᠶ ᠶᠢᠨ ᠲᠠᠯᠠᠪᠠᠶ ᠳᠤ ᠭᠠᠵᠠᠷ ᠳᠣᠤᠷᠠᠬᠢ ᠬᠤᠭᠤᠯᠠᠶ ᠳᠡᠪᠢᠰᠴᠦ ᠶᠤᠸᠠᠨ ᠽᠢ ᠭᠸᠤ ᠠᠴᠠ ᠳᠠᠭ᠎ᠠ ᠶᠢᠨ ᠨᠠᠭᠤᠷ ᠤᠨ ᠠᠮᠢ ᠠᠬᠤᠶ ᠳᠤ ᠤᠰᠤ ᠨᠥᠬᠦᠪᠥᠷᠢᠯᠡᠬᠦ ᠪᠣᠯᠤᠮᠵᠢᠲᠤ ᠴᠢᠨᠠᠷ ᠢ ᠰᠤᠳᠤᠯᠤᠨ ᠪᠡᠶᠡᠯᠡᠭᠦᠯᠪᠡ᠃
      ᠢᠦᠢ ᠳ᠋ᠠᠶ ᠴᠢᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ  ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠬᠦ ᠬᠡᠷᠡᠭᠲᠡᠶ᠃ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠡᠨᠡ ᠬᠦ ᠬᠥᠪᠴᠢ ᠶᠢ ᠴᠢᠩᠭᠠᠯᠠᠵᠤ᠂ ᠰᠠᠪᠠ ᠭᠠᠵᠠᠷ ᠢ ᠶᠡᠷᠦᠩᠬᠡᠶᠢᠯᠡᠨ  ᠵᠠᠰᠠᠬᠤ ᠲᠥᠯᠥᠪᠵᠢᠭᠦᠯᠭᠡ᠂ ᠠᠷᠭ᠎ᠠ ᠬᠡᠮᠵᠢᠶ᠎ᠡ ᠵᠢᠴᠢ ᠪᠣᠯᠤᠮᠵᠢᠲᠤ ᠤᠰᠤ ᠨᠥᠬᠦᠪᠥᠷᠢᠯᠡᠬᠦ ᠲᠥᠰᠦᠯ ᠢ ᠰᠢᠨᠵᠢᠯᠡᠬᠦ  ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠴᠢᠬᠤᠯᠠᠴᠢᠯᠠᠬᠤ ᠡᠷᠴᠢᠮ ᠪᠣᠯᠤᠨ ᠣᠷᠣᠭᠤᠯᠤᠯᠲᠠ ᠶᠢᠨ ᠡᠷᠴᠢᠮ ᠢᠶᠠᠨ ᠴᠢᠩᠬᠠᠷᠠᠭᠤᠯᠵᠤ᠂ ᠬᠤᠯᠪᠣᠭᠠᠯᠠᠨ  ᠵᠤᠬᠢᠴᠠᠭᠤᠯᠬᠤ ᠪᠠᠨ ᠴᠢᠩᠭᠠᠳᠬᠠᠵᠠᠢ᠃ ᠵᠣᠷᠢᠭᠲᠠᠶ ᠪᠠᠷ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠠᠬᠢᠭᠤᠯᠤᠨ᠎ᠠ ᠭᠡᠪᠡ᠃
        ᠲᠢᠶᠠᠨ ᠴᠧᠩ ᠰᠢᠶᠠᠩ ᠤᠨ ᠴᠢᠤᠸᠠᠨ ᠱᠧᠩ ᠳ᠋ᠢᠶᠠᠨ ᠲᠣᠰᠬᠤᠨ ᠤ ᠣᠷᠭᠠᠨᠢᠭ ᠪᠣᠷᠳᠣᠭᠤᠷ ᠤᠨ ᠦᠢᠯᠡᠳᠪᠦᠷᠢ ᠳᠤ ᠂ ᠢᠦᠢ ᠳ᠋ᠠᠶ ᠴᠢᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠲᠥᠷᠥᠯ  ᠵᠤᠶᠢᠯ ᠤᠨ ᠲᠥᠯᠥᠪᠵᠢᠭᠦᠯᠭᠡ ᠶᠢᠨ ᠠᠬᠢᠴᠠ᠂ ᠢᠵᠢ ᠪᠦᠷᠢᠳᠦᠭᠦᠯᠬᠦ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡᠴᠢᠯᠡᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠠᠵᠤ ᠠᠬᠤᠶᠢᠯᠠᠯ ᠤᠨ ᠣᠷᠣᠰᠢᠵᠤ ᠪᠠᠶᠢᠭ᠎ᠠ  ᠬᠦᠴᠢᠷᠳᠡᠯ ᠪᠠ ᠠᠰᠠᠭᠤᠳᠠᠯ ᠢ ᠯᠠᠪᠯᠠᠨ  ᠠᠰᠠᠭᠤᠵᠠᠢ᠃
          ᠢᠦᠢ ᠳ᠋ᠠᠢ ᠴᠢᠩ᠂ ᠣᠷᠭᠠᠨᠢᠭ ᠪᠤᠷᠳᠤᠭᠤᠷ ᠤᠨ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠪᠣᠯ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠣᠷᠭᠠᠨᠢᠭ ᠢᠶᠠᠷ ᠨᠢᠭᠡᠳᠦᠭᠦᠯᠬᠦ ᠪᠣᠳᠠᠲᠠᠢ ᠠᠷᠭ᠎ᠠ  ᠬᠡᠮᠵᠢᠶ᠎ᠡ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠦᠨᠡᠨᠬᠦ ᠲᠦᠷᠭᠡᠳᠬᠡᠨ᠂ ᠲᠥᠷᠥᠯ  ᠵᠤᠶᠢᠯ ᠤᠨ ᠪᠠᠶᠢᠭᠤᠯᠵᠤ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠶᠤᠯᠭᠦᠶ  ᠤᠶᠢᠯᠡᠳᠪᠤᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠠᠶᠦᠯᠭᠦᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠠᠶᠦᠯᠭᠦᠢ  ᠶᠢ ᠪᠠᠲᠤᠯᠠᠬᠤ ᠬᠡᠷᠡᠭᠲᠡᠶ ᠭᠡᠪᠡ᠃ ︵ᠰᠤᠷᠪᠤᠯᠵᠢᠯᠠᠭᠴᠢ ᠴᠧᠨ ᠢᠦᠶ︶                          ᠨᠠᠶᠢᠷᠠᠭᠤᠯᠤᠭᠴᠢ᠄ ᠭᠦᠸᠧ ᠬᠤᠩ ᠰᠢᠶᠠ  ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2