︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠲᠣᠯᠢ᠄ ︽ᠬᠥᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠥᠲᠥᠭᠡᠨ ᠪᠠᠶᠢᠭᠤᠯᠤᠶ᠎ᠠ︾
ᠨᠡᠶᠢᠲᠡᠯᠡᠭᠰᠡᠨ ᠴᠠᠭ᠄
2020/12/14
   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠲᠤᠩᠬᠠᠭᠯᠠᠵᠠᠶ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭᠠᠬᠢ ᠲᠡᠮᠡᠴᠡᠯ ᠤᠨ ᠬᠠᠷᠠᠯᠲᠠ ᠪᠣᠯᠪᠠ᠃ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2003 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠳᠤ ᠵᠢᠭᠠᠵᠤ ᠭᠠᠷᠭᠠᠭᠰᠠᠨ ᠨᠢ᠂ ︽ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ  ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠰᠢᠰᠲ᠋ᠧᠮ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ  ᠤᠳᠤᠬᠢᠴᠢᠯᠠᠯᠳᠡ ᠶᠢ ᠪᠠᠶᠢᠭᠤᠯᠤᠨ᠎ᠠ᠃ ᠡᠨᠡ ᠨᠢ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ  ᠪᠦᠳᠦᠭᠡᠨ ᠪᠠᠶᠢᠭᠤᠯᠬᠤ ᠣᠳᠣᠬᠢᠴᠢᠯᠠᠯᠲᠠ ᠶᠢᠨ ᠪᠦᠬᠦ ᠲᠠᠯ᠎ᠠ ᠶᠢᠨ ᠳᠤᠮᠳᠠᠬᠢ ᠲᠤᠪᠤᠶᠢᠮ᠎ᠠ ᠪᠠᠶᠢᠷᠢ ᠰᠠᠭᠤᠷᠢ ᠶᠢ  ᠲᠤᠳᠤᠷᠬᠠᠶᠢᠯᠠᠭᠰᠠᠨ ᠪᠠᠶᠢᠨ᠎ᠠ᠃     ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠳᠤ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠵᠡᠷᠭᠡᠴᠡᠨ ᠣᠷᠣᠰᠢᠬᠤ ᠣᠳᠣᠬᠢᠴᠢᠯᠠᠯᠲᠠ ᠶᠢᠨ ᠲᠤᠪᠤᠶᠢᠮ᠎ᠠ ᠣᠷᠣᠨ ᠪᠠᠶᠢᠷᠢ ᠶᠢ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃    ᠨᠢᠭᠡᠳᠦᠭᠡᠷ ᠲᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠢ  ᠦᠨᠳᠦᠰᠦᠳᠡᠨ ᠤ ᠢᠷᠡᠭᠡᠳᠦᠶ ᠲᠠᠢ ᠬᠤᠯᠪᠣᠭᠳᠠᠵᠤ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ  ᠢᠳᠡᠪᠬᠢᠳᠠᠢ ᠰᠦᠪᠡᠭᠴᠢᠯᠡᠯᠳᠡ ᠬᠢᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠤᠭ᠎ᠠ ᠬᠠᠷᠠᠯᠲᠠ ᠪᠣᠯᠭᠠᠪᠠ᠃ ᠠᠮᠢ ᠠᠬᠤᠶ ᠶᠢᠨ ᠪᠣᠯᠪᠠᠰᠤᠨ ᠪᠣᠯ ᠬᠥᠮᠦᠨ ᠬᠢᠭᠡᠳ ᠪᠠᠶᠢᠭᠠᠯᠢ᠂ ᠬᠥᠮᠦᠨ ᠬᠢᠭᠡᠳ ᠨᠡᠶᠢᠭᠡᠮ ᠤᠨ ᠡᠶ᠎ᠡ ᠵᠣᠬᠢᠴᠠᠯ   ᠲᠠᠢ ᠬᠠᠮᠲᠤ ᠣᠷᠣᠰᠢᠬᠤ᠂ ᠦᠷᠭᠦᠯᠵᠢᠯᠡᠨ ᠴᠡᠴᠡᠭᠯᠡᠨ ᠬᠥᠭᠵᠢᠬᠦ ᠪᠠᠷ ᠦᠨᠳᠦᠰᠦᠨ ᠣᠨᠴᠠᠯᠢᠭ ᠪᠣᠯᠭᠠᠭᠰᠠᠨ ᠪᠣᠯᠪᠠᠰᠤᠨ ᠬᠥᠭᠵᠢᠯᠲᠡ ᠶᠢᠨ ᠬᠡᠯᠪᠡᠷᠢ ᠪᠣᠯᠤᠨ᠎ᠠ᠃  ᠤᠶᠢᠯᠡᠳᠪᠤᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ ᠭᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃   ᠬᠤᠶᠠᠳᠤᠭᠠᠷ ᠲᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ ᠪᠠᠶᠢᠳᠠᠭ᠃ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠪᠣᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠮᠥᠨ᠃ ᠠᠵᠤ ᠠᠬᠤᠢ ᠶᠢᠨ ᠬᠥᠭᠵᠢᠯᠲᠡ ᠨᠢ ᠨᠡᠶᠢᠭᠡᠮ ᠤᠨ ᠡᠳ᠋ ᠪᠠᠶᠠᠯᠢᠭ ᠤᠨ ᠨᠡᠮᠡᠭᠳᠡᠯ ᠪᠣᠯᠵᠤ᠂ ᠬᠥᠮᠦᠨ ᠲᠥᠷᠥᠯᠬᠢᠲᠡᠨ ᠤ ᠠᠩᠬᠠᠳᠠᠭᠴᠢ ᠲᠡᠤᠬᠡᠨ ᠠᠵᠢᠯᠯᠠᠭ᠎ᠠ ᠪᠣᠯ ᠦᠶ᠋ᠯᠡᠳᠪᠦᠷᠢᠯᠡᠯ ᠬᠥᠳᠡᠯᠮᠦᠷᠢ ᠮᠥᠨ᠂ ᠬᠥᠳᠡᠯᠮᠦᠷᠢ ᠪᠠ ᠪᠠᠶᠢᠭᠠᠯᠢ ᠶᠢᠷᠲᠢᠨᠴᠦ ᠬᠠᠮᠲᠤ ᠪᠠᠷ ᠠᠯᠢᠪᠠ ᠡᠳ᠋ ᠪᠠᠶᠠᠯᠢᠭ ᠢ ᠪᠦᠷᠢᠯᠳᠦᠭᠦᠯᠬᠦ ᠡᠬᠢ ᠪᠤᠯᠠᠭ ᠮᠥᠨ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠠᠮᠢ ᠠᠬᠤᠢ ᠶᠢᠨ ᠣᠷᠴᠢᠨ ᠲᠣᠭᠤᠷᠢᠨ ᠴᠢᠬᠤᠯᠠ ᠠᠵᠤ ᠠᠬᠤᠢ ᠶᠢᠨ ᠦᠨ᠎ᠡ ᠦᠷᠳᠡᠭ ᠲᠠᠢ ᠶᠤᠮ᠃ ᠪᠠᠶᠢᠭᠠᠯᠢ ᠶᠢᠨ ᠡᠬᠢ ᠪᠠᠶᠠᠯᠢᠭ ᠢ ᠬᠡᠲᠦ ᠬᠤᠷᠣᠭᠳᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ  ᠢ ᠡᠪᠳᠡᠬᠦ ᠨᠢ ᠵᠠᠶᠢᠯᠠᠰᠢ ᠦᠭᠡᠢ ᠶᠡᠭᠡ ᠪᠠᠶᠢᠭᠠᠯᠢ ᠶᠢᠨ ᠬᠠᠷᠢᠭᠤ ᠠᠪᠬᠤ ᠪᠣᠯᠤᠨ᠎ᠠ᠂ ᠲᠡᠷᠡ ᠦᠶ᠎ᠡ ᠪᠣᠯᠬᠤ ᠳᠤ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠦᠷᠭᠦᠯᠵᠢᠯᠡᠬᠦᠶ᠎ᠡ ᠪᠡᠷᠬᠡ  ᠪᠤᠯᠵᠤ᠂ ᠨᠢᠭᠡᠨᠲᠡ ᠣᠯᠤᠭᠰᠠᠨ ᠡᠳ᠋ ᠪᠠᠶᠠᠯᠢᠭ ᠢᠶᠠᠨ ᠴᠤ ᠠᠯᠳᠠᠬᠤ ᠪᠣᠯᠤᠨ᠎ᠠ᠃ ᠡᠭᠦᠨ ᠤ ᠤᠯᠠᠮ ᠠᠴᠠ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠨᠥᠯᠥᠭᠡᠯᠡᠳᠡᠭ᠃    ᠭᠤᠷᠪᠠᠳᠤᠭᠠᠷ ᠲᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠢ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠳᠤ ᠬᠤᠯᠪᠣᠭᠳᠠᠵᠤ ᠪᠠᠶᠢᠳᠠᠭ᠃ ᠨᠡᠶᠢᠭᠡᠮ ᠤᠨ ᠲᠥᠪ ᠭᠤᠤᠯᠴᠢ ᠭᠡᠳᠡᠭ ᠲᠤ ᠭᠤᠤᠯᠳᠠᠭᠤ ᠦᠶ᠎ᠡ ᠶᠢᠨ ᠳᠣᠲᠣᠷᠠᠬᠢ ᠲᠥᠪ ᠭᠤᠤᠯᠴᠢ ᠪᠠ ᠦᠶ᠎ᠡ ᠶᠢᠨ  ᠬᠤᠭᠤᠷᠤᠨᠳᠤᠬᠢ ᠲᠥᠪ ᠭᠤᠤᠯᠴᠢ ᠪᠠᠶᠢᠬᠤ ᠶᠢ ᠪᠠᠭᠲᠠᠭᠠᠨ᠎ᠠ᠃ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠡᠷᠬᠡ ᠲᠡᠭᠰᠢ ᠤᠯᠠᠨ ᠨᠡᠶᠢᠲᠡ ᠶᠢᠨ  ᠤᠶᠢᠯᠡᠳᠭᠦᠨ ᠪᠠ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃ ᠠᠳᠠᠯᠢ ᠨᠢᠭᠡᠨ ᠴᠠᠭ ᠣᠶᠢᠶ᠎ᠠ ᠳᠤ᠂ ᠠᠮᠢ ᠠᠬᠤᠢ ᠶᠢᠨ ᠣᠷᠴᠢᠨ ᠲᠣᠭᠤᠷᠢᠨ ᠨᠢ ᠵᠣᠷᠢᠭᠤᠳᠠ ᠡᠪᠳᠡᠭᠳᠡᠵᠦ᠂ ᠡᠭᠦᠨ ᠤ ᠦᠷ᠎ᠡ ᠳ᠋ᠦᠩ ᠳᠤ ᠶᠡᠷᠦ ᠨᠢ ᠴᠥᠭᠡᠨ ᠲᠣᠭᠠᠨ ᠤ ᠬᠥᠮᠦᠨ ᠠᠰᠢᠭ ᠬᠦᠷᠲᠡᠵᠦ᠂ ᠣᠯᠠᠩᠬᠢ ᠲᠣᠭᠠᠨ ᠤ ᠬᠥᠮᠦᠨ ᠤ  ᠠᠰᠢᠭ ᠲᠤᠰᠠ ᠨᠢ ᠬᠤᠬᠢᠷᠠᠵᠤ᠂ ᠨᠡᠶᠢᠭᠡᠮ ᠤᠨ ᠲᠥᠪ ᠭᠤᠣᠯᠴᠢ ᠶᠢ ᠨᠥᠯᠥᠭᠡᠯᠡᠳᠡᠭ᠃ ᠬᠡᠷᠪᠡ ᠳᠠᠷᠠᠭ᠎ᠠ ᠨᠢᠭᠡ ᠦᠶ᠎ᠡ ᠶᠢᠨ ᠬᠢᠨ ᠤ ᠣᠷᠣᠰᠢᠨ ᠲᠣᠭᠲᠠᠨᠢᠵᠤ  ᠪᠠᠶᠢᠭ᠎ᠠ ᠪᠠᠶᠢᠭᠠᠯᠢ ᠶᠢᠨ ᠣᠷᠴᠢᠨ ᠲᠣᠭᠤᠷᠢᠨ  ᠢ ᠦᠷᠡᠭᠳᠡᠭᠦᠯᠵᠦ ᠪᠠᠶᠢᠭᠠᠳ ᠣᠳᠣ ᠦᠶ᠎ᠡ ᠶᠢᠨ ᠬᠥᠮᠦᠰ ᠤᠨ ᠠᠰᠢᠭ ᠲᠤᠰᠠ ᠶᠢ ᠰᠣᠯᠢᠵᠤ ᠠᠪᠤᠪᠠᠯ᠂ ᠲᠡᠭᠡᠪᠡᠯ ᠦᠶ᠎ᠡ ᠶᠢᠨ ᠬᠤᠭᠤᠷᠣᠨᠳᠣᠬᠢ ᠡᠷᠬᠡ ᠲᠡᠭᠰᠢ ᠨᠢ ᠬᠦᠨᠳᠦ ᠨᠣᠴᠢᠲᠠᠶ ᠬᠤᠬᠢᠷᠠᠯ ᠳᠤ ᠤᠴᠠᠷᠠᠵᠤ᠂ ᠠᠷᠠᠳ ᠤᠨ ᠠᠮᠢᠳᠤᠷᠠᠯ ᠤᠨ ᠨᠠᠩ ᠰᠠᠶᠢᠨ ᠰᠠᠶᠢᠬᠠᠨ ᠬᠠᠷᠠᠯᠲᠠ ᠶᠢ ᠪᠡᠶᠡᠯᠡᠭᠦᠯᠬᠦ ᠳᠤ ᠪᠡᠷᠬᠡ ᠪᠣᠯᠤᠨ᠎ᠠ᠃    ᠳᠥᠷᠪᠡᠳᠦᠭᠡᠷ ᠲᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠢ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠦᠵᠡᠰᠬᠦᠯᠡᠩᠲᠦ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠨᠢ ᠭᠤᠸ᠎ᠠ ᠲᠠᠭᠠᠰᠢᠶᠠᠯ ᠤᠨ ᠴᠢᠬᠤᠯᠠ ᠴᠢᠳᠠᠮᠵᠢ   ᠲᠠᠢ ᠪᠠᠶᠢᠳᠠᠭ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠨᠢ ᠵᠠᠩ ᠠᠭᠠᠯᠢ ᠶᠢ ᠪᠠᠶᠠᠰᠬᠠᠵᠤ᠂ ᠵᠠᠩ ᠠᠭᠠᠯᠢ ᠶᠢ ᠪᠣᠯᠪᠠᠰᠤᠷᠠᠭᠤᠯᠤᠨ᠎ᠠ᠃ ᠡᠷᠲᠡᠨ ᠠᠴᠠ ᠠᠪᠤᠭᠠᠳ ᠲᠤᠭ᠎ᠠ ᠲᠣᠮᠰᠢ ᠦᠭᠡᠶ ᠣᠯᠠᠨ ᠪᠢᠴᠢᠭ ᠤᠨ ᠬᠥᠮᠦᠰ ᠦᠵᠡᠰᠬᠦᠯᠡᠩᠲᠦ ᠰᠠᠶᠢᠬᠠᠨ ︽ᠠᠭᠤᠯᠠ ᠤᠰᠤ ᠲᠠᠷᠢᠶᠠᠨ ᠭᠠᠵᠠᠷ︾ ᠢ ᠮᠠᠭᠲᠠᠨ ᠳᠠᠭᠤᠯᠠᠭᠰᠠᠨ ᠪᠠᠶᠢᠨ᠎ᠠ᠃ ᠥᠨᠢ ᠤᠳᠠᠭᠠᠨ ᠤᠯᠠᠮᠵᠢᠯᠠᠭᠰᠠᠨ ᠨᠡᠷᠡᠲᠦ ᠪᠦᠲᠦᠭᠡᠯ ᠮᠠᠰᠢ ᠣᠯᠠᠨ ᠦᠯᠡᠳᠡᠭᠡᠭᠰᠡᠨ᠃ ᠥᠪᠡᠷᠮᠢᠴᠡ ᠣᠨᠴᠠᠯᠢᠭ ᠪᠦᠬᠦᠢ ᠰᠣᠶᠣᠯ ᠤᠨ ᠦᠵᠡᠮᠵᠢ ᠶᠢ ᠪᠦᠷᠢᠯᠳᠦᠭᠦᠯᠵᠦ᠂ ᠬᠥᠮᠦᠰ ᠤᠨ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠤ ᠬᠦᠰᠡᠯ ᠡᠷᠡᠮᠡᠯᠵᠡᠯ ᠪᠣᠯᠤᠨ ᠪᠦᠲᠦᠭᠡᠨ ᠪᠠᠶᠢᠭᠤᠯᠤᠯᠲᠠ ᠶᠢ ᠬᠥᠭᠵᠢᠭᠡᠪᠡ᠃ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠳᠠᠯ ᠨᠡᠩ ᠢᠯᠡᠷᠬᠡᠶ ᠮᠥᠨ ᠴᠢᠨᠠᠷ ᠤᠨ  ᠠᠬᠢᠴᠠ ᠲᠠᠢ ᠪᠣᠯᠪᠠ᠃    ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠵᠤ᠂ ᠡᠷᠬᠡᠪᠰᠢ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ᠂ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠶ᠎ᠡ   ᠶᠢᠨ ᠦᠶ᠎ᠡ ᠳᠤ ᠦᠷᠭᠦᠯᠵᠢᠯᠡᠨ ᠬᠢᠵᠦ᠂ ᠴᠥᠬᠦᠷᠡᠯ ᠦᠭᠡᠢ ᠴᠢᠷᠮᠠᠶᠢᠪᠠᠯ ᠤᠳᠠᠭᠠᠨ ᠳᠠᠭᠠᠭᠠᠮᠠᠭᠠᠢ᠃    ᠡᠩ ᠲᠡᠷᠢᠭᠦᠨ ᠳᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠣᠬᠢᠷᠲᠤᠯ ᠥᠬᠡᠶ  ᠬᠥᠭᠵᠢᠯᠲᠡ ᠶᠢᠨ ᠥᠷᠲᠡᠭ ᠤᠨ ᠬᠠᠨᠳᠤᠰᠢ ᠶᠢ ᠪᠣᠶ ᠪᠣᠯᠭᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ  ᠲᠤᠤᠱᠯᠠᠭᠤᠯᠵᠤ᠂ ᠠᠮᠢ ᠠᠬᠤᠶ ᠶᠢᠨ ᠭᠤᠶᠢᠳᠠ ᠰᠠᠶᠢᠬᠠᠨ ᠪᠠ ᠠᠵᠤ ᠠᠬᠤᠶ ᠶᠢᠨ ᠨᠡᠮᠡᠭᠳᠡᠯ ᠤᠨ ︽ᠬᠤᠶᠠᠷ ᠲᠠᠯ᠎ᠠ ᠪᠠᠷ ᠠᠰᠢᠭ ᠭᠥᠷᠳᠡᠬᠦ︾ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠥᠷᠲᠡᠭ ᠤᠨ ᠪᠠᠷᠢᠮᠵᠢᠶ᠎ᠠ ᠪᠣᠯᠭᠠᠨ᠎ᠠ᠃ ︽ᠠᠮᠢ ᠠᠬᠤᠢ ᠶᠢᠨ ᠣᠷᠴᠢᠨ ᠲᠣᠭᠤᠷᠢᠨ  ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ  ᠬᠠᠮᠠᠭᠠᠯᠠᠬᠤ ᠶᠠᠪᠤᠳᠠᠯ ᠮᠥᠨ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠳᠠᠷᠤᠶ  ᠤᠶᠢᠯᠡᠳᠪᠤᠷᠢᠯᠡᠯ ᠤᠨ ᠬᠦᠴᠦᠨ ᠢ  ᠬᠦᠭᠵᠢᠭᠦᠯᠬᠦ ᠦᠵᠡᠯᠲᠡ ᠶᠢ ᠰᠤᠷᠲᠠᠯᠴᠢᠯᠠᠵᠤ᠂ ᠪᠣᠬᠢᠷᠲᠤᠯ ᠦᠭᠡᠶ ᠤᠶᠢᠯᠡᠳᠪᠤᠷᠢᠯᠡᠯ ᠤᠨ ᠬᠡᠯᠪᠡᠷᠢ ᠪᠣᠯᠤᠨ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠨ᠎ᠠ᠃ ᠪᠣᠬᠢᠷᠲᠤᠯ ᠦᠭᠡᠢ ᠬᠥᠭᠵᠢᠯᠲᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠣᠷᠴᠢᠯ  ᠬᠦᠭᠵᠢᠯᠳᠡ ᠶᠢ ᠠᠬᠢᠭᠤᠯᠵᠤ᠂  ᠤᠶᠢᠯᠡᠳᠪᠤᠷᠢᠯᠡᠯ ᠤᠨ ᠣᠷᠴᠢᠨ ᠲᠣᠭᠤᠷᠢᠨ ᠪᠣᠯᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ  ᠨᠡᠮᠡᠭᠳᠡᠯ ᠤᠨ ᠴᠡᠭ ᠪᠣᠯᠭᠠᠵᠠᠶ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ ᠃ ︽ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠪᠣᠯ ᠨᠢᠭᠡᠨ ᠠᠮᠢ ᠨᠠᠰᠤᠨ ᠤ  ᠬᠠᠮᠳᠤ ᠶᠢᠨ ᠴᠣᠭᠴᠠ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠨ᠂ ᠠᠮᠢ ᠠᠬᠤᠢ ᠶᠢᠨ ᠰᠢᠰᠲ᠋ᠧᠮ ᠤᠨ ᠡᠷᠭᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠨ᠎ᠠ᠃     ᠳᠠᠷᠠᠭᠠᠯᠠᠪᠠᠯ᠂ ᠲᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ  ᠲᠡᠭᠦᠯᠳᠡᠷᠵᠢᠭᠦᠯᠦᠨ᠎ᠡ᠃ ᠬᠠᠲᠠᠭᠤ ᠬᠢᠵᠠᠭᠠᠷᠯᠠᠯ ᠲᠠᠢ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠶᠢᠨ  ᠪᠤᠯᠪᠠᠰᠤᠨ ᠤ ᠲᠦᠷᠢᠮ ᠢ ᠬᠥᠨᠳᠡᠵᠦ ᠪᠣᠯᠤᠰᠢ ᠦᠭᠡᠢ ᠥᠨᠳᠥᠷ ᠳᠠᠷᠤᠯᠲᠠ ᠶᠢᠨ ᠱᠤᠭᠤᠮ ᠪᠣᠯᠭᠠᠨ᠎ᠠ᠃ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠬᠢᠵᠠᠭᠠᠷᠯᠠᠬᠤ᠂ ᠬᠤᠬᠢᠷᠠᠯ ᠢ ᠲᠥᠯᠥᠬᠦ᠂  ᠬᠠᠷᠢᠭᠤᠴᠠᠯᠭ᠎ᠠ ᠨᠡᠬᠡᠮᠵᠢᠯᠡᠬᠦ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠲᠠᠭᠤ ᠴᠢᠨᠠᠷᠲᠠᠶ ᠭᠡᠳᠡᠷᠭᠦ ᠰᠢᠬᠠᠬᠤ ᠲᠣᠭᠲᠠᠴᠠ ᠶᠢ ᠪᠤᠢ ᠪᠣᠯᠭᠠᠨ᠎ᠠ᠃ ᠪᠦᠬᠦ ᠠᠷᠠᠳ ᠢᠶᠠᠷ ᠢᠶᠠᠨ ᠣᠷᠣᠯᠴᠠᠭᠰᠠᠨ ᠲᠣᠰᠬᠤᠨ ᠤ ᠳᠦᠷᠢᠮ ᠠᠷᠠᠳ ᠤᠨ ᠭᠡᠷ᠎ᠡ᠂ ᠨᠡᠶᠢᠭᠡᠮ  ᠨᠡᠶᠢᠲᠡ ᠶᠢᠨ ᠭᠡᠷ᠎ᠡ ᠶᠢᠨ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ  ᠤᠷᠤᠯᠴᠠᠭᠰᠠᠨ᠂ ᠬᠠᠮᠲᠤᠪᠠᠷ ᠪᠦᠲᠦᠭᠡᠨ ᠪᠠᠶᠢᠭᠤᠯᠤᠭᠰᠠᠨ᠂ ᠬᠠᠮᠲᠤᠪᠠᠷ ᠡᠳ᠋ᠯᠡᠭᠰᠡᠨ ᠰᠠᠶᠢᠨ ᠰᠠᠶᠢᠬᠠᠨ ᠠᠮᠢ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃     ᠡᠴᠦᠰ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠨᠢ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢ ᠰᠠᠶᠢᠵᠢᠷᠠᠭᠤᠯᠬᠤ ᠲᠠᠯ᠎ᠠ ᠪᠠᠷ ᠶᠡᠭᠡ  ᠤᠶᠢᠯᠡᠰ ᠢ ᠪᠦᠲᠦᠭᠡᠵᠦ ᠪᠣᠯᠬᠤ ᠪᠥᠭᠡᠳ ᠶᠡᠭᠡ ᠦᠶ᠋ᠯᠡᠰ ᠢ ᠪᠦᠲᠦᠭᠡᠵᠦ ᠪᠣᠯᠬᠤ ᠶᠤᠮ᠃ ᠣᠳᠣᠬᠠᠨ ᠳᠤ᠂ ᠹᠢᠽᠢᠺ ᠤᠨ ᠠᠷᠭ᠎ᠠ᠂ ᠬᠢᠮᠢ ᠶᠢᠨ ᠠᠷᠭ᠎ᠠ᠂ ᠠᠮᠢᠳᠤ ᠪᠣᠳᠠᠰ ᠤᠨ ᠬᠠᠤᠯᠢ ᠵᠡᠷᠭᠡ ᠰᠢᠨᠵᠢᠯᠡᠬᠦ ᠤᠬᠠᠭᠠᠨᠴᠢ ᠠᠷᠭ᠎ᠠ ᠶᠢ ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ ᠰᠢᠷᠣᠢ ᠶᠢᠨ ᠪᠣᠬᠢᠷᠲᠤᠯ ᠢ ᠵᠠᠰᠠᠬᠤ ᠳᠤ  ᠦᠷᠭᠡᠨ ᠳᠡᠯᠭᠡᠷᠡᠩᠭᠦᠢ ᠪᠠᠷ ᠬᠡᠷᠡᠭᠯᠡᠵᠦ᠂ ᠳᠠᠭᠠᠭᠤᠯᠢ ᠣᠳᠣᠨ ᠤ ᠠᠯᠤᠰ ᠰᠡᠷᠡᠯ ᠤᠨ ᠮᠡᠷᠭᠡᠵᠢᠯ᠂ ᠺᠣᠮᠫᠢᠦ᠋ᠲ᠋ᠧᠷ ᠤᠨ  ᠮᠡᠷᠭᠡᠵᠢᠯ᠂ ᠠᠮᠢᠳᠤ ᠪᠣᠳᠠᠰ ᠤᠨ ᠢᠨᠵᠧᠨᠧᠷᠢᠩ ᠤᠨ ᠮᠡᠷᠭᠡᠵᠢᠯ ᠨᠢ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠰᠢᠨ᠎ᠡ ᠴᠠᠭ ᠦᠶ᠎ᠡ ᠶᠢᠨ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ  ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠤ ᠰᠤᠳᠤᠯᠭᠠᠨ  ᠤ ᠵᠣᠬᠢᠶᠠᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠯ ᠢ ᠲᠠᠰᠤᠷᠠᠯᠲᠠ ᠦᠭᠡᠢ ᠢᠯᠡᠷᠡᠭᠦᠯᠦᠨ᠎ᠡ᠃                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩᠢᠷᠡᠯᠳᠡ᠄ ᠭᠤᠸᠠᠩ ᠮᠢᠩ ᠡᠳᠦᠷ ᠤᠨ ᠰᠤᠨᠢᠨ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2