ᠯᠢᠶᠠᠩᠴᠧᠩ ᠵᠠᠰᠠᠭ ᠦᠰᠦᠭ ﹇2020﹈ 87 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄ | ᠨᠠᠮ ᠤᠨ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠰᠠᠶᠢᠲᠤᠷ | ᠬᠢᠵᠦ᠂ ᠬᠢᠯᠢ ᠬᠢᠵᠠᠭᠠᠷ ᠤᠷᠤᠨ ᠤ ᠲᠣᠭᠲᠠᠭᠤᠨ ᠪᠠᠶᠢᠳᠠᠯ ᠢ ᠪᠠᠲᠤᠯᠠᠨ᠂ ᠡᠯ᠎ᠡ ᠦᠨᠳᠦᠰᠦᠲᠡᠨ ᠬᠠᠮᠲᠤᠪᠠᠷ | ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠮᠠᠨ ᠤ ᠰᠢᠶᠠᠨ ᠤ ᠪᠠᠶᠢᠭᠤᠯᠤᠮᠵᠢ ᠶᠢᠨ | ᠲᠣᠬᠢᠷᠠᠭᠤᠯᠤᠯᠲᠠ᠂ ᠡᠭᠦᠷᠭᠡ ᠴᠢᠳᠠᠪᠬᠢ ᠶᠢ ᠬᠤᠪᠢᠶᠠᠷᠢᠯᠠᠨ ᠰᠢᠯᠵᠢᠭᠦᠯᠬᠦ ᠵᠡᠷᠭᠡ ᠬᠦᠴᠦᠨ ᠵᠤᠶᠢᠯ ᠲᠠᠢ | ᠤᠶᠠᠯᠳᠤᠭᠤᠯᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠬᠦ ᠪᠠᠷ ᠲᠣᠭᠲᠠᠭᠠᠵᠤ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ | ᠵᠢᠴᠢ ᠲᠤᠰᠢᠶᠠᠯ ᠬᠠᠷᠢᠭᠤᠴᠠᠯᠭ᠎ᠠ | ︵ᠨᠢᠭᠡ︶ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠡ | ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠡ | ᠪᠣᠯ ᠰᠢᠶᠠᠨ ᠤ ᠳᠠᠩᠰᠠ ᠡᠪᠬᠡᠮᠡᠯ ᠤᠨ ᠣᠷᠳᠣᠨ᠂ ᠰᠢᠶᠠᠨ ᠤ ᠬᠠᠮ ᠵᠠᠭᠤᠴᠢᠯᠠᠭᠤᠷ ᠤᠨ ᠲᠥᠪ ᠪᠣᠯᠤᠨ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠦ | ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠢ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨᠴᠠᠪ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠶᠢᠨ ᠯᠢᠶᠠᠩᠴᠧᠩ ᠰᠢᠶᠠᠨ ᠤ ᠬᠤᠪᠢᠶᠠᠷᠢ ᠲᠣᠪᠴᠢᠶ᠎ᠠ ᠵᠡᠷᠭᠡ ᠪᠤᠯᠤᠨ᠎ᠠ᠃ | ︵ᠬᠤᠶᠠᠷ︶ ᠡᠯ᠎ᠡ ᠲᠤᠰᠢᠶᠠᠯ ᠬᠠᠪᠰᠤᠷᠭᠠᠭᠰᠠᠨ ᠨᠢᠭᠡᠴᠡ ᠶᠢᠨ ᠡᠭᠦᠷᠭᠡ ᠬᠠᠷᠢᠭᠤᠴᠠᠯᠭ᠎ᠠ | ᠰᠢᠶᠠᠨ ᠤ ᠳᠠᠩᠰᠠ ᠡᠪᠬᠡᠮᠡᠯ ᠤᠨ ᠤᠷᠳᠤᠨ᠄ ᠮᠠᠨ ᠤ ᠰᠢᠶᠠᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ | ᠤᠨ ᠲᠥᠯᠥᠪᠵᠢᠭᠦᠯᠭᠡ ᠪᠣᠯᠤᠨ ᠨᠠᠶᠢᠷᠠᠭᠤᠯᠤᠨ ᠪᠢᠴᠢᠬᠦ ᠲᠥᠰᠦᠯ ᠢ ᠲᠤᠭᠤᠷᠪᠢᠨ ᠲᠣᠭᠲᠠᠭᠠᠬᠤ ᠬᠡᠷᠡᠭᠲᠡᠶ︔ | ᠬᠤᠰᠢᠭᠤ ᠰᠢᠶᠠᠨ ᠤ ᠣᠷᠣᠨ ᠨᠤᠲᠤᠭ ᠤᠨ ᠣᠶᠢᠯᠠᠯᠭ᠎ᠠ ᠶᠢᠨ ᠨᠣᠮ᠂ ᠣᠷᠣᠨ ᠨᠤᠲᠤᠭ ᠤᠨ ᠶᠡᠷᠦᠩᠬᠡᠶᠢᠯᠡᠭᠰᠡᠨ ᠤᠨ | ᠲᠣᠯᠢ ᠶᠢ ᠨᠠᠶᠢᠷᠠᠭᠤᠯᠤᠨ᠎ᠠ ᠣᠷᠣᠨ ᠨᠤᠲᠤᠭ ᠤᠨ ᠣᠶᠢᠯᠠᠯᠭ᠎ᠠ ᠶᠢᠨ ᠰᠤᠷᠪᠤᠯᠵᠢ ᠪᠢᠴᠢᠭ ᠪᠣᠯᠤᠨ ᠮᠠᠲ᠋ᠧᠷᠢᠶᠠᠯ ᠢ | ᠴᠤᠭᠯᠠᠭᠤᠯᠤᠨ ᠬᠠᠳᠠᠭᠠᠯᠠᠵᠤ᠂ ᠬᠠᠭᠤᠴᠢᠨ ᠣᠶᠢᠯᠠᠯᠭ᠎ᠠ ᠶᠢ ᠵᠣᠬᠢᠶᠠᠨ ᠪᠠᠶᠢᠭᠤᠯᠤᠨ ᠡᠮᠬᠢᠳᠬᠡᠵᠦ᠂ ᠮᠠᠨ ᠤ ᠰᠢᠶᠠᠨ ᠤ | ᠣᠷᠣᠨ ᠨᠤᠲᠤᠭ ᠤᠨ ᠣᠶᠢᠯᠠᠯᠭ᠎ᠠ ᠶᠢᠨ ᠣᠨᠣᠯ ᠤᠨ ᠰᠤᠳᠤᠯᠤᠯ ᠢ ᠲᠦᠯᠬᠢᠨ ᠠᠬᠢᠭᠤᠯᠤᠨ᠎ᠠ︔ ᠣᠷᠣᠨ ᠨᠤᠲᠤᠭ ᠤᠨ | ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ᠎ᠠ᠃ ᠮᠣᠩᠭᠤᠯ ᠬᠡᠯᠡᠨ ᠤ ᠣᠷᠣᠨ | ᠨᠤᠲᠤᠭ ᠤᠨ ᠲᠡᠦᠬᠡ ᠣᠶᠢᠯᠠᠯᠭ᠎ᠠ᠂ ᠶᠡᠭᠡ ᠶᠠᠪᠤᠳᠠᠯ ᠤᠨ ᠲᠡᠮᠳᠡᠭᠯᠡᠯ ᠵᠡᠷᠭᠡ ᠨᠣᠮ ᠪᠢᠴᠢᠭ ᠢ ᠡᠮᠬᠢᠳᠬᠡᠨ | ᠨᠠᠶᠢᠷᠠᠭᠤᠯᠤᠨ᠎ᠠ᠃ | ᠰᠢᠶᠠᠨ ᠤ ᠬᠠᠮ ᠵᠠᠭᠤᠴᠢᠯᠠᠭᠤᠷ ᠤᠨ ᠲᠥᠪ᠄ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠮᠡᠳᠡᠭᠡ ᠵᠠᠩᠭᠢ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ︔ | ᠮᠣᠩᠭᠤᠯ ᠦᠭᠡ ᠬᠡᠯᠡ ᠦᠰᠦᠭ ᠪᠢᠴᠢᠭ ᠢᠶᠠᠷ ᠰᠠᠭᠤᠷᠢ ᠪᠣᠯᠭᠠᠭᠰᠠᠨ ᠮᠡᠳᠡᠭᠡ ᠵᠠᠩᠭᠢ ᠶᠢᠨ ᠪᠠᠶᠢᠭᠤᠯᠤᠯᠲᠠ ᠶᠢ | ᠲᠡᠮᠵᠢᠨ᠎ᠡ᠃ | ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠵᠤ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ | ᠭᠠᠵᠠᠷ ᠣᠷᠣᠨ ᠤ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠤᠰᠬᠠᠶ ᠲᠥᠯᠥᠪᠵᠢᠭᠦᠯᠭᠡ ᠶᠢ | ᠵᠣᠬᠢᠴᠠᠭᠤᠯᠤᠨ ᠨᠠᠶᠢᠷᠠᠭᠤᠯᠤᠨ ᠵᠣᠬᠢᠶᠠᠨ᠎ᠠ︔ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠳᠤ ᠭᠤᠣᠯᠳᠠᠯᠭ᠎ᠠ ᠲᠠᠢ ᠬᠡᠯᠪᠠᠶᠢᠯᠭᠡᠵᠦ᠂ ᠴᠥᠭᠡᠨ | ᠲᠣᠭᠠᠲᠤ ᠦᠨᠳᠦᠰᠦᠲᠡᠨ ᠢᠯᠠᠩᠭᠤᠶ᠎ᠠ ᠮᠣᠩᠭᠤᠯ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠵᠦ ᠪᠠᠶᠢᠭ᠎ᠠ | ᠰᠤᠷᠤᠭᠴᠢᠳ ᠲᠤ ᠠᠵᠢᠯ ᠣᠯᠭᠤᠬᠤ᠂ ᠴᠥᠭᠡᠨ ᠲᠣᠭᠠᠲᠤ ᠦᠨᠳᠦᠰᠦᠲᠡᠨ ᠤ ᠣᠨᠴᠠ ᠬᠦᠴᠢᠷᠳᠡᠯᠲᠡᠶ ᠨᠡᠶᠢᠲᠡ | ᠴᠣᠭᠴᠠ ᠶᠢᠨ ᠨᠡᠶᠢᠭᠡᠮ ᠤᠨ ᠪᠠᠲᠤᠯᠠᠭ᠎ᠠ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ ᠳᠤᠷᠠᠳᠬᠤ ᠶᠢᠨ ᠬᠠᠮᠲᠤ | ᠵᠤᠬᠢᠴᠠᠭᠤᠯᠤᠨ ᠰᠢᠢᠳᠪᠤᠷᠢᠯᠡᠵᠦ᠂ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠤᠨᠴᠠᠭᠠᠢ | ᠬᠦᠴᠢᠷᠳᠡᠯ ᠪᠣᠯᠤᠨ ᠠᠰᠠᠭᠤᠳᠠᠯ ᠢ ᠰᠢᠢᠳᠪᠤᠷᠢᠯᠡᠬᠦ ᠬᠡᠷᠡᠭᠲᠡᠶ᠃ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠪᠦᠬᠦ ᠰᠢᠶᠠᠨ ᠤ ᠦᠨᠳᠦᠰᠦᠲᠡᠨ ᠤ | ᠰᠤᠷᠭᠠᠨ ᠬᠦᠮᠦᠵᠢᠯ ᠤᠨ ᠬᠥᠭᠵᠢᠯᠲᠡ ᠶᠢᠨ ᠲᠥᠯᠥᠪᠵᠢᠭᠦᠯᠪᠡ᠂ ᠤᠷᠢᠳ ᠢᠶᠠᠷ ᠪᠣᠳᠣᠯᠬᠢᠯᠠᠵᠤ᠂ ᠭᠤᠣᠯᠳᠠᠯᠭ᠎ᠠ ᠲᠠᠢ | ᠦᠨᠳᠦᠰᠦᠲᠡᠨ ᠤ ᠰᠤᠷᠭᠠᠨ ᠬᠥᠮᠦᠵᠢᠯ ᠢ ᠬᠥᠭᠵᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ︽ ᠬᠤᠤᠰ | ᠬᠡᠯᠡᠨ︾ ᠤ ᠵᠢᠭᠠᠨ ᠰᠤᠷᠭᠠᠯᠲᠠ ᠪᠠ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠡ ᠶᠢ ᠨᠢᠭᠡᠳᠦᠯᠲᠡᠶ ᠲᠥᠯᠥᠪᠯᠡᠨ | ᠵᠢᠯᠣᠭᠤᠳᠬᠤ ᠬᠡᠷᠡᠭᠲᠡᠶ︔ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠥᠭᠡᠨ | ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠮᠳᠠ ᠣᠷᠣᠰᠢᠵᠤ | ᠪᠠᠶᠢᠭ᠎ᠠ ᠣᠨᠴᠠᠭᠠᠶ ᠠᠰᠠᠭᠤᠳᠠᠯ ᠢ ᠰᠢᠢᠳᠪᠤᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠤᠶᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠪᠠ ᠪᠣᠳᠠᠲᠠᠶ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠥᠷᠥᠯ ᠵᠤᠶᠢᠯ ᠤᠨ ᠴᠢᠳᠠᠪᠤᠷᠢᠳᠡᠨ ᠢ ᠶᠡᠬᠡᠪᠡᠷ ᠬᠥᠮᠦᠵᠢᠭᠦᠯᠦᠨ᠎ᠡ︔ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠮᠲᠤ ᠪᠠᠷ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ | ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | | ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ︽ᠮᠣᠩᠭᠤᠯ ᠦᠭᠡ ᠬᠡᠯᠡ | ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ | ᠮᠡᠷᠭᠡᠵᠢᠯ ᠤᠨ ᠰᠤᠳᠤᠯᠭᠠᠨ᠂ ᠡᠬᠢ ᠪᠠᠶᠠᠯᠢᠭ ᠢ ᠨᠡᠬᠡᠭᠡᠨ ᠠᠰᠢᠭᠯᠠᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ ᠢ | ᠰᠠᠶᠢᠲᠤᠷ ᠬᠢᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠮᠣᠩᠭᠤᠯ ᠦᠭᠡ ᠬᠡᠯᠡ ᠥᠰᠥᠭ | ᠪᠢᠴᠢᠭ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠮᠡᠳᠡᠭᠡ | ᠵᠠᠩᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠨ᠎ᠡ︔ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠠᠷᠠᠯᠵᠢᠶᠠᠨ ᠤ ᠬᠦᠭᠵᠢᠯᠳᠡ ᠶᠢᠨ ᠳᠤᠮᠳᠠ | ᠣᠷᠣᠰᠢᠵᠤ ᠪᠠᠶᠢᠭ᠎ᠠ ᠣᠨᠴᠠᠭᠠᠶ ᠠᠰᠠᠭᠤᠳᠠᠯ ᠢ ᠰᠤᠳᠤᠯᠵᠤ᠂ ᠵᠣᠬᠢᠴᠠᠭᠤᠯᠵᠤ᠂ ᠰᠢᠢᠳᠪᠤᠷᠢᠯᠡᠨ᠎ᠡ︔ ᠴᠥᠭᠡᠨ | ᠲᠣᠭᠠᠲᠤ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠬᠡᠷᠡᠭᠴᠡᠭᠡ ᠶᠢᠨ ᠬᠠᠩᠭᠠᠯᠭ᠎ᠠ ᠶᠢ ᠪᠠᠳᠤᠯᠠᠨ᠎ᠠ᠃ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭ᠎ᠠ ᠭᠠᠵᠠᠷ ᠣᠷᠣᠨ ᠤ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ | ᠪᠣᠯᠤᠨ ᠦᠨᠳᠦᠰᠦᠳᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢᠨ ᠬᠥᠮᠦᠵᠢᠯ ᠢ ᠴᠢᠩᠭᠠᠳᠬᠠᠨ᠎ᠠ᠃ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠳᠤ ᠬᠠᠮᠵᠢᠯᠴᠠᠨ ᠦᠨᠳᠦᠰᠦᠲᠡᠨ ᠱᠠᠰᠢᠨ ᠰᠤᠷᠲᠠᠬᠤᠨ ᠤ | ᠠᠰᠠᠭᠤᠳᠠᠯ ᠢ ᠰᠠᠶᠢᠳᠤᠷ ᠰᠢᠢᠳᠪᠤᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︔ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠲᠠᠢ ᠬᠠᠮᠲᠤ ᠪᠠᠷ ᠦᠨᠳᠦᠰᠦᠲᠡᠨ ᠤ ᠪᠦᠷᠢᠯᠳᠦᠬᠦᠨ ᠢ ᠦᠭᠡᠷᠡᠴᠢᠯᠡᠬᠦ | ᠠᠵᠢᠯ ᠢ ᠰᠠᠶᠢᠲᠤᠷ ᠬᠠᠮᠢᠶᠠᠷᠤᠨ᠎ᠠ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠶᠠᠳᠠᠭᠤ ᠶᠢ ᠲᠡᠳᠬᠦᠨ ᠬᠦᠴᠢᠷᠳᠡᠯ ᠢ ᠲᠤᠰᠠᠯᠠᠬᠤ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ | ᠴᠥᠭᠡᠨ ᠲᠤᠭᠠᠳᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ | ᠣᠷᠣᠨ ᠳᠤ ᠬᠡᠯᠪᠡᠶᠢᠬᠦ ᠬᠡᠷᠡᠭᠲᠡᠶ︔ ᠣᠷᠣᠰᠢᠭᠤᠯᠭ᠎ᠠ ᠶᠢᠨ ᠠᠵᠢᠯ ᠤᠨ ᠳᠤᠮᠳᠠ ᠦᠨᠳᠦᠰᠦᠲᠡᠨ ᠱᠠᠰᠢᠨ | ᠰᠤᠷᠲᠠᠬᠤᠨ ᠤ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠵᠠᠩ | ᠳᠠᠳᠬᠠᠯ ᠢ ᠬᠦᠨᠳᠦᠳᠬᠡᠨ᠎ᠡ︔ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷᠡᠶᠢᠳᠦᠯ ᠳᠤ | ᠬᠤᠯᠪᠣᠭᠳᠠᠬᠤ ᠠᠵᠢᠯ ᠤᠨ ᠳᠤᠮᠳᠠ ᠲᠤᠬᠠᠶ ᠶᠢᠨ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ | ᠪᠠ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠬᠤ ᠬᠡᠷᠡᠭᠲᠡᠶ᠃ | ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ | ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠲᠡᠮᠵᠢᠨ᠎ᠠ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠲᠠᠢ | ᠵᠤᠬᠢᠴᠠᠯᠳᠤᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠢᠯᠵᠢᠭᠦᠯᠦᠨ ᠥᠭᠬᠦ ᠳᠦᠷᠢᠮ ᠢ ᠲᠡᠭᠦᠯᠳᠡᠷᠵᠢᠭᠦᠯᠦᠨ᠎ᠡ᠃ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠤ ᠡᠳ᠋ ᠤᠨ ᠵᠠᠰᠠᠭ ᠠᠴᠠ | ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ | ᠭᠠᠵᠠᠷ ᠣᠷᠣᠨ ᠤ ᠡᠳ᠋ ᠤᠨ ᠵᠠᠰᠠᠭ ᠤᠨ ᠲᠤᠰᠬᠠᠶ ᠪᠠᠯᠠ ᠮᠦᠩᠬᠦ ᠪᠠ ᠡᠳ᠋ ᠤᠨ ᠢᠷᠡᠯᠲᠡ ᠶᠢ ᠨᠡᠮᠡᠭᠳᠡᠭᠦᠯᠬᠦ ᠲᠥᠷᠥᠯ | ᠵᠤᠶᠢᠯ ᠢ ᠤᠷᠢᠳᠠᠪᠠᠷ ᠳᠣᠭᠢᠷᠠᠭᠤᠯᠤᠨ᠎ᠠ︔ ᠤᠯᠤᠰ ᠠᠴᠠ ᠲᠣᠬᠢᠷᠠᠭᠤᠯᠤᠭᠰᠠᠨ ᠴᠥᠭᠡᠨ ᠲᠣᠭᠠᠲᠤ ᠦᠨᠳᠦᠰᠦᠲᠡᠨ | ᠪᠠ ᠦᠨᠳᠦᠰᠦᠲᠡᠨ ᠤ ᠭᠠᠵᠠᠷ ᠣᠷᠣᠨ ᠳᠤ ᠬᠡᠷᠡᠭᠯᠡᠬᠦ ᠡᠯ᠎ᠡ ᠵᠤᠶᠢᠯ ᠤᠨ ᠪᠡᠯᠡ ᠮᠥᠩᠭᠦ ᠳᠤ ᠵᠣᠬᠢᠴᠠᠩᠭᠤᠶ ᠢᠵᠢ | ᠪᠦᠷᠢᠳᠦᠭᠦᠯᠬᠦ ᠪᠡᠯᠡ ᠮᠥᠩᠭᠦ ᠲᠣᠬᠢᠷᠠᠭᠤᠯᠤᠨ᠎ᠠ︔ ᠮᠣᠩᠭᠤᠯ ᠰᠣᠨᠢᠨ ᠰᠡᠳᠬᠦᠯ ᠪᠣᠯᠤᠨ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠨᠣᠮ ᠪᠢᠴᠢᠭ ᠤᠨ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠲᠤ ᠨᠥᠬᠦᠪᠥᠷᠢ ᠥᠭᠴᠦ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠭᠠᠵᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠤᠷᠤᠰᠢᠵᠦ ᠪᠠᠶᠢᠭ᠎ᠠ ᠤᠨᠴᠠᠭᠠᠢ ᠬᠦᠴᠢᠷᠳᠡᠯ ᠢ | ᠵᠣᠬᠢᠴᠠᠭᠤᠯᠤᠨ ᠰᠢᠢᠳᠪᠤᠷᠢᠯᠡᠬᠦ ᠬᠡᠷᠡᠭᠲᠡᠶ᠃ | ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠨᠠᠮ | ᠪᠠ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠲᠤᠬᠠᠢ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠡᠯ᠎ᠡ ᠲᠦᠷᠦᠯ ᠤᠨ ᠲᠤᠰᠬᠠᠢ | ᠮᠡᠷᠭᠡᠵᠢᠯ ᠤᠨ ᠠᠵᠢᠯᠳᠠᠨ ᠢ ᠬᠥᠮᠦᠵᠢᠭᠦᠯᠵᠦ ᠰᠢᠯᠢᠨ ᠳᠡᠪᠰᠢᠭᠦᠯᠬᠦ ᠲᠦᠷᠦ ᠶᠢᠨ ᠪᠤᠳᠤᠯᠭ᠎ᠠ ᠪᠠ | ᠲᠥᠯᠥᠪᠵᠢᠭᠦᠯᠭᠡ ᠶᠢ ᠲᠣᠭᠲᠠᠭᠠᠬᠤ ᠪᠠ ᠨᠠᠶᠢᠷᠠᠭᠤᠯᠤᠨ ᠵᠣᠬᠢᠶᠠᠨ᠎ᠠ︔ ᠣᠨᠴᠠᠭᠠᠶ ᠲᠦᠷᠦ ᠶᠢᠨ ᠪᠤᠳᠤᠯᠭ᠎ᠠ ᠶᠢ | ᠲᠣᠭᠲᠠᠭᠠᠵᠤ᠂ ᠮᠣᠩᠭᠤᠯ ᠢᠶᠠᠷ ᠬᠢᠴᠢᠶᠡᠯᠯᠡᠬᠦ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ︔ ᠡᠯ᠎ᠡ ᠱᠠᠲᠤᠨ ᠤ | ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ | ᠲᠥᠷᠥ ᠶᠢᠨ ᠠᠯᠪᠠᠲᠠᠨ ᠡᠯᠰᠡᠬᠦ᠂ ᠰᠢᠯᠢᠨ ᠳᠡᠪᠰᠢᠭᠦᠯᠬᠦ ᠪᠠ ᠠᠵᠢᠯᠲᠠᠨ ᠤᠷᠢᠵᠤ ᠬᠡᠷᠡᠭᠯᠡᠬᠦ ᠵᠢᠴᠢ ᠲᠤᠬᠠᠢ | ᠮᠡᠷᠭᠡᠵᠢᠯ ᠤᠨ ᠲᠤᠰᠢᠶᠠᠯ ᠳᠡᠪᠰᠢᠬᠦ ᠵᠡᠷᠭᠡ ᠡᠯ᠎ᠡ ᠵᠦᠢᠯ ᠤᠨ ᠰᠢᠯᠭᠠᠯᠲᠠ ᠳᠤ ᠮᠣᠩᠭᠤᠯ ᠬᠡᠯᠡᠨ ᠤ ᠰᠡᠳᠦᠪ ᠲᠤᠷᠠᠳᠴᠦ | ᠂ ᠡᠭᠦᠨ ᠤ ᠬᠠᠮᠲᠤ ᠠᠳᠠᠯᠢ ᠨᠥᠬᠦᠴᠡᠯ ᠤᠨ ᠳᠣᠣᠷ᠎ᠠ ᠮᠣᠩᠭᠤᠯ ᠬᠢᠲᠠᠳ ᠬᠤᠶᠠᠷ ᠬᠡᠯᠡᠨ ᠳᠤ ᠨᠡᠪᠲᠡᠷᠡᠭᠰᠡᠨ ᠬᠥᠮᠦᠰ ᠢ | ᠤᠷᠢᠳᠠᠪᠠᠷ ᠡᠯᠰᠡᠨ ᠬᠡᠷᠡᠭᠯᠡᠨ᠎ᠡ︔ ᠤᠯᠤᠰ ᠤᠨ ᠠᠯᠪᠠᠲᠠᠨ ᠢ ᠡᠯᠰᠡᠵᠦ ᠬᠡᠷᠡᠭᠯᠡᠬᠦ ᠳᠡᠭᠡᠨ ᠴᠥᠭᠡᠨ ᠲᠣᠭᠠᠲᠤ | ᠦᠨᠳᠦᠰᠦᠲᠡᠨ ᠤ ᠰᠢᠯᠭᠠᠯᠲᠠ ᠳᠤ ᠮᠡᠳᠡᠭᠦᠯᠦᠭᠰᠡᠳᠲ᠋ᠤ ᠵᠣᠬᠢᠰᠲᠠᠶ ᠬᠠᠷᠠᠭᠠᠯᠵᠠᠯ ᠦᠵᠡᠭᠦᠯᠦᠨ᠎ᠡ᠃ ᠬᠥᠳᠡᠯᠮᠦᠷᠢ ᠪᠠ | ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ᠂ ᠬᠥᠭᠵᠢᠯᠲᠡ ᠶᠢᠨ ᠲᠦᠯᠦᠪᠵᠢᠭᠦᠯᠭᠡ ᠶᠢ | ᠰᠤᠳᠤᠯᠤᠨ ᠲᠣᠭᠲᠠᠭᠠᠬᠤ ᠶᠠᠪᠤᠴᠠ ᠳᠤ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ | ᠲᠦᠪᠯᠡᠷᠡᠨ ᠰᠠᠭᠤᠭᠰᠠᠨ ᠭᠠᠵᠠᠷ ᠣᠷᠣᠨ ᠳᠤ ᠬᠠᠷᠠᠭᠠᠯᠵᠠᠯ ᠦᠵᠡᠭᠦᠯᠬᠦ ᠬᠡᠷᠡᠭᠲᠡᠶ︔ ᠠᠵᠤ ᠠᠬᠤᠶᠢᠯᠠᠯ ᠤᠨ | ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠠᠯᠭᠠᠨ ᠲᠥᠪᠬᠢᠨᠡᠭᠦᠯᠬᠦ᠂ ᠠᠮᠢᠳᠤᠷᠠᠯ ᠤᠨ | ᠦᠨᠳᠦᠰᠦᠨ ᠪᠠᠲᠤᠯᠠᠭ᠎ᠠ ᠪᠠ ᠳᠠᠬᠢᠨ ᠠᠵᠢᠯ ᠣᠯᠭᠤᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠳᠤᠮᠳᠠ ᠴᠥᠭᠡᠨ ᠲᠣᠭᠠᠲᠤ ᠦᠨᠳᠦᠰᠦᠲᠡᠨ ᠤ ᠠᠵᠢᠯᠲᠠᠨ ᠠᠵᠢᠯᠴᠢᠨ ᠳᠤ ᠬᠠᠷᠠᠭᠠᠯᠵᠠᠯ ᠦᠵᠡᠭᠦᠯᠦᠨ᠎ᠡ︔ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠦᠯᠡᠭᠦᠤ | ᠬᠦᠳᠡᠯᠮᠦᠷᠢ ᠬᠦᠴᠦᠨ ᠢ ᠨᠡᠭᠡᠭᠡᠨ ᠬᠥᠭᠵᠢᠭᠦᠯᠬᠦ ᠪᠠ ᠠᠵᠢᠯ ᠣᠯᠭᠤᠬᠤ ᠶᠢ ᠤᠷᠢᠳᠠᠪᠠᠷ ᠲᠣᠬᠢᠷᠠᠭᠤᠯᠤᠨ᠎ᠠ︔ ᠴᠥᠭᠡᠨ | ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ | ᠣᠷᠣᠰᠢᠵᠤ ᠪᠠᠶᠢᠭ᠎ᠠ ᠤᠨᠴᠠᠭᠠᠢ ᠬᠦᠴᠢᠷᠳᠡᠯ ᠪᠠ ᠠᠰᠠᠭᠤᠳᠠᠯ ᠢ ᠰᠢᠢᠳᠪᠤᠷᠢᠯᠡᠬᠦ ᠬᠡᠷᠡᠭᠲᠡᠶ᠃ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠦᠨᠳᠦᠰᠦᠲᠡᠨ ᠤ ᠭᠠᠵᠠᠷ ᠣᠷᠣᠨ ᠤ ᠭᠠᠵᠠᠷ | ᠰᠢᠷᠣᠶ ᠪᠠ ᠠᠭᠤᠷᠬᠠᠶ ᠶᠢᠨ ᠭᠠᠷᠤᠯᠲᠠ ᠵᠡᠷᠭᠡ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ ᠣᠷᠣᠰᠢᠵᠤ ᠪᠠᠶᠢᠭ᠎ᠠ | ᠣᠨᠴᠠᠭᠠᠶ ᠠᠰᠠᠭᠤᠳᠠᠯ ᠢ ᠰᠢᠢᠳᠪᠤᠷᠢᠯᠡᠨ᠎ᠡ︔ ᠭᠠᠵᠠᠷ ᠰᠢᠷᠣᠶ ᠪᠣᠯᠤᠨ ᠠᠭᠤᠷᠬᠠᠶ ᠶᠢᠨ ᠭᠠᠷᠤᠯᠲᠠ ᠵᠡᠷᠭᠡ ᠡᠬᠢ | ᠪᠠᠶᠠᠯᠢᠭ ᠢ ᠠᠰᠢᠭᠯᠠᠬᠤ ᠶᠢ ᠥᠷᠨᠢᠭᠦᠯᠬᠦ ᠳᠡᠭᠡᠨ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ | ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠰᠢᠭ ᠲᠤᠰᠠ ᠶᠢ ᠦᠨᠡᠨᠬᠦ ᠪᠠᠲᠤᠯᠠᠬᠤ ᠬᠡᠷᠡᠭᠲᠡᠶ᠃ | ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ ᠲᠣᠪᠴᠢᠶ᠎ᠠ᠄ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠤᠳᠠ ᠶᠢᠨ ᠰᠠᠭᠤᠷᠢ | ᠲᠥᠬᠦᠭᠡᠷᠦᠮᠵᠢ ᠪᠠ ᠬᠤᠳᠠ ᠶᠢᠨ ᠶᠠᠪᠤᠳᠠᠯ ᠤᠨ ᠪᠤᠰᠤᠳ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢ | ᠤᠷᠢᠳᠠᠪᠠᠷ ᠲᠡᠮᠵᠢᠨ᠎ᠡ︔ ᠬᠤᠲᠠ ᠶᠢ ᠨᠡᠭᠡᠭᠡᠨ ᠬᠥᠭᠵᠢᠭᠦᠯᠬᠦ ᠶᠠᠪᠤᠴᠠ ᠳᠤ ᠴᠥᠭᠡᠨ ᠲᠣᠭᠠᠲᠤ ᠦᠨᠳᠦᠰᠦᠲᠡᠨ ᠤ | ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠢ ᠵᠢᠯᠣᠭᠤᠳᠤᠨ ᠲᠤᠰ ᠲᠤᠰ ᠤᠨ | ᠦᠨᠳᠦᠰᠦᠳᠡᠨ ᠤ ᠣᠨᠴᠠᠯᠢᠭ ᠪᠦᠬᠦᠢ ᠬᠤᠲᠠ ᠶᠢᠨ ᠲᠥᠯᠥᠪᠵᠢᠭᠦᠯᠭᠡ᠂ ᠬᠤᠲᠠ ᠪᠠᠯᠭᠠᠰᠤᠨ ᠤ ᠲᠥᠯᠥᠪᠵᠢᠭᠦᠯᠭᠡ | ᠵᠡᠷᠭᠡ ᠠᠵᠢᠯ ᠢ ᠰᠠᠶᠢᠲᠤᠷ ᠬᠢᠨ᠎ᠡ︔ ᠬᠤᠲᠠ ᠶᠢᠨ ᠲᠥᠯᠥᠪᠵᠢᠭᠦᠯᠭᠡ ᠶᠢᠨ ᠶᠠᠪᠤᠴᠠ ᠳᠤ ᠴᠥᠭᠡᠨ ᠲᠣᠭᠠᠲᠤ | ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠤᠶᠢᠯ ᠢ ᠡᠩ ᠲᠡᠷᠢᠭᠦᠨ ᠳᠤ ᠲᠣᠬᠢᠷᠠᠭᠤᠯᠵᠤ᠂ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠤᠨᠴᠠᠭᠠᠢ ᠬᠦᠴᠢᠷᠳᠡᠯ ᠪᠣᠯᠤᠨ ᠠᠰᠠᠭᠤᠳᠠᠯ ᠢ ᠬᠠᠪᠰᠤᠷᠤᠨ ᠰᠢᠢᠳᠪᠤᠷᠢᠯᠡᠨ᠎ᠡ᠃ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠭ᠎ᠠ ᠭᠠᠵᠠᠷ ᠤᠷᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠳᠡᠮᠵᠢᠵᠦ᠂ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠶᠢᠯᠡᠰ ᠢ ᠤᠷᠢᠳᠠᠪᠠᠷ ᠲᠣᠬᠢᠷᠠᠭᠤᠯᠤᠨ᠎ᠠ︔ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠬᠥᠮᠦᠨ ᠮᠠᠯ ᠤᠨ ᠤᠤᠭᠤᠬᠤ ᠤᠰᠤᠨ ᠤ | ᠬᠦᠴᠢᠷᠳᠡᠯ ᠢ ᠡᠩ ᠲᠡᠷᠢᠭᠦᠨ ᠳᠤ ᠬᠠᠪᠰᠤᠷᠤᠨ ᠰᠢᠢᠳᠪᠤᠷᠢᠯᠡᠵᠦ ᠥᠭᠬᠦ ᠬᠡᠷᠡᠭᠲᠡᠶ᠃ | ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠴᠥᠭᠡᠨ | ᠲᠤᠭᠠᠳᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠤᠶᠢᠯᠡᠳᠪᠤᠷᠢᠯᠡᠯ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠴᠥᠭᠡᠨ ᠲᠣᠭᠠᠲᠤ ᠦᠨᠳᠦᠰᠦᠲᠡᠨ | ᠬᠥᠭᠵᠢᠭᠰᠡᠨ ᠭᠠᠵᠠᠷ ᠣᠷᠣᠨ ᠢ ᠵᠣᠬᠢᠴᠠᠭᠤᠯᠤᠨ ᠬᠠᠪᠰᠤᠷᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠶ ᠶᠢᠨ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠤᠶᠢᠯᠡᠰᠴᠢᠯᠡᠭᠰᠡᠨ ᠡᠵᠡᠩᠨᠡᠯᠲᠡ᠂ ᠴᠥᠭᠡᠨ ᠲᠣᠭᠠᠲᠤ ᠦᠨᠳᠦᠰᠦᠲᠡᠨ ᠤ ᠤᠶᠢᠯᠡᠳᠪᠤᠷᠢᠯᠡᠯ ᠤᠨ ᠠᠷᠭ᠎ᠠ ᠮᠠᠶ᠋ᠢᠭ ᠤᠨ | ᠬᠤᠪᠢᠰᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ | ᠵᠡᠷᠭᠡ ᠲᠠᠯ᠎ᠠ ᠪᠠᠷ ᠡᠩ ᠲᠡᠷᠢᠭᠦᠨ ᠳᠤ ᠭᠤᠤᠯᠳᠠᠯᠭ᠎ᠠ ᠲᠠᠢ ᠲᠡᠳᠬᠦᠬᠦ ᠬᠡᠷᠡᠭᠳᠡᠢ᠃ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠬᠤ | ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ | ᠣᠷᠣᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠡᠷᠡᠭᠯᠡᠭᠡᠨ ᠤ | ᠮᠡᠷᠭᠡᠵᠢᠯ ᠢ ᠣᠷᠣᠭᠤᠯᠵᠤ ᠢᠷᠡᠬᠦ᠂ ᠨᠡᠭᠡᠭᠡᠨ ᠠᠰᠢᠭᠯᠠᠬᠤ ᠪᠠ ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠺᠠᠳ᠋ᠷ ᠢ ᠪᠤᠯᠪᠠᠰᠤᠷᠠᠭᠤᠯᠬᠤ᠂ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠤᠶᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠵᠡᠷᠭᠡ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠳᠤ ᠭᠤᠤᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠶ᠃ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠣᠨᠴᠠᠭᠠᠶ ᠠᠰᠠᠭᠤᠳᠠᠯ ᠢ ᠰᠢᠢᠳᠪᠤᠷᠢᠯᠡᠨ᠎ᠡ᠃ | ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠪᠠ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠰᠣᠶᠣᠯ ᠤᠨ ᠤᠶᠢᠯᠡᠰ ᠤᠨ | ᠬᠥᠭᠵᠢᠯᠲᠡ ᠶᠢ ᠢᠳᠡᠪᠬᠢᠲᠡᠶ ᠪᠠᠷ ᠲᠡᠳᠭᠦᠨ᠎ᠡ︔ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨᠴᠢ ᠴᠢᠨᠠᠷᠲᠠᠶ | ᠰᠣᠶᠣᠯ ᠤᠨ ᠠᠵᠢᠯᠯᠠᠭ᠎ᠠ ᠶᠢᠨ ᠥᠷᠨᠢᠯᠲᠡ ᠶᠢ ᠢᠳᠡᠪᠬᠢᠳᠠᠢ ᠪᠠᠷ ᠲᠦᠯᠬᠢᠨ ᠠᠬᠢᠭᠤᠯᠬᠤ︔ ᠰᠣᠶᠣᠯ ᠤᠨ | ᠤᠶᠢᠯᠡᠰ ᠤᠨ ᠵᠠᠷᠤᠳᠠᠯ ᠢ ᠲᠣᠬᠢᠷᠠᠭᠤᠯᠬᠤ ᠳᠠᠭᠠᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ | ᠭᠠᠵᠠᠷ ᠣᠷᠣᠨ ᠳᠤ ᠵᠣᠬᠢᠰᠲᠠᠶ ᠬᠠᠷᠠᠭᠠᠯᠵᠠᠯ ᠦᠵᠡᠭᠦᠯᠬᠦ ᠬᠡᠷᠡᠭᠲᠡᠶ︔ ᠴᠥᠭᠡᠨ ᠲᠣᠭᠠᠲᠤ ᠦᠨᠳᠦᠰᠦᠲᠡᠨ ᠪᠣᠯᠤᠨ | ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠰᠣᠶᠣᠯ ᠤᠷᠠᠯᠢᠭ ᠤᠨ | ᠤᠶᠢᠯᠡᠰ ᠤᠨ ᠬᠥᠭᠵᠢᠯᠲᠡ ᠳᠤᠮᠳᠠ ᠣᠷᠣᠰᠢᠵᠤ ᠪᠠᠶᠢᠭ᠎ᠠ ᠣᠨᠴᠠᠭᠠᠶ ᠠᠰᠠᠭᠤᠯᠲᠠ ᠶᠢ ᠰᠢᠢᠳᠪᠤᠷᠢᠯᠡᠨ᠎ᠡ ᠃ ᠰᠣᠨᠢᠨ | ᠮᠡᠳᠡᠭᠡ ᠬᠡᠪᠯᠡᠯ ᠤᠨ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠤ᠂ ᠨᠠᠮ ᠤᠨ | ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠵᠥᠷᠢᠴᠡᠭᠰᠡᠨ ᠪᠠ ᠦᠨᠳᠦᠰᠦᠲᠡᠨ ᠤ ᠬᠠᠶᠢᠷ᠎ᠠ ᠰᠡᠳᠬᠢᠯᠭᠡ ᠶᠢ | ᠬᠦᠨᠳᠡᠭᠰᠡᠨ ᠬᠡᠪᠯᠡᠭᠳᠡᠬᠦᠨ ᠪᠠ ᠬᠡᠪᠯᠡᠯ ᠤᠨ ᠨᠢᠭᠡᠴᠢ ᠭᠠᠷᠬᠤ ᠶᠢ ᠰᠡᠷᠭᠡᠶᠢᠯᠡᠬᠦ ᠬᠡᠷᠡᠭᠲᠡᠶ︔ ᠮᠣᠩᠭᠤᠯ ᠬᠡᠯᠡᠨ ᠤ | ᠠᠯᠪᠠᠨ ᠪᠢᠴᠢᠭ ᠤᠨ ᠬᠡᠪᠯᠡᠯ ᠤᠨ ᠨᠢᠭᠡᠴᠡ ᠶᠢ ᠤᠷᠢᠳᠠᠪᠠᠷ ᠭᠤᠤᠯᠳᠠᠯᠭ᠎ᠠ ᠲᠠᠢ ᠲᠡᠳᠬᠦᠨ᠎ᠡ︔ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠪᠯᠡᠯ ᠤᠨ ᠤᠶᠢᠯᠡᠰ ᠤᠨ ᠳᠤᠮᠳᠠ ᠣᠷᠣᠰᠢᠵᠤ ᠪᠠᠶᠢᠭ᠎ᠠ | ᠣᠨᠴᠠᠭᠠᠶ ᠠᠰᠠᠭᠤᠳᠠᠯ ᠢ ᠰᠤᠳᠤᠯᠤᠨ ᠰᠢᠢᠳᠪᠤᠷᠢᠯᠡᠨ᠎ᠡ᠃ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠪᠠ | ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠦᠨᠳᠦᠰᠦᠲᠡᠨ ᠤ ᠮᠡᠳᠡᠯᠭᠡ ᠶᠢ ᠤᠯᠠᠮᠵᠢᠯᠠᠨ | ᠲᠠᠷᠬᠠᠭᠠᠵᠤ ᠦᠨᠳᠦᠰᠦᠲᠡᠨ ᠤ ᠠᠵᠢᠯ ᠤᠨ ᠴᠢᠬᠤᠯᠠ ᠰᠣᠨᠢᠨ ᠮᠡᠳᠡᠭᠡ ᠶᠢ ᠮᠡᠳᠡᠭᠡᠯᠡᠨ᠎ᠡ︔ ᠴᠥᠭᠡᠨ ᠲᠣᠭᠠᠲᠤ | ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠷᠠᠳᠢ ᠤ ᠺᠢᠨᠣ᠋ | ᠴᠠᠬᠢᠯᠭᠠᠨ ᠬᠦᠴᠦᠨ ᠤ ᠤᠶᠢᠯᠡᠰ ᠤᠨ ᠬᠥᠭᠵᠢᠯᠲᠡ ᠶᠢ ᠢᠳᠡᠪᠬᠢᠲᠡᠶ ᠲᠡᠳᠬᠦᠨ ᠲᠡᠮᠵᠢᠨ᠎ᠠ︔ ᠺᠢᠨᠣ᠋ ᠲᠧᠯᠸᠢᠰ ᠤᠨ | ᠪᠦᠲᠦᠭᠡᠯ ᠳᠠᠬᠢ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠠᠴᠠ ᠵᠥᠷᠢᠴᠡᠭᠰᠡᠨ ᠪᠠ ᠦᠨᠳᠦᠰᠦᠳᠡᠨ ᠤ | ᠬᠠᠶᠢᠷ᠎ᠠ ᠰᠡᠳᠬᠢᠯᠭᠡ ᠶᠢᠨ ᠠᠭᠤᠯᠭ᠎ᠠ ᠶᠢ ᠭᠡᠮᠲᠦᠭᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ︔ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠢ ᠵᠢᠯᠣᠭᠤᠳᠤᠨ | ᠵᠢᠭᠤᠯᠴᠢᠯᠠᠯ ᠤᠨ ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠴᠥᠭᠡᠨ | ᠲᠣᠭᠠᠲᠤ ᠦᠨᠳᠦᠰᠦᠲᠡᠨ ᠪᠠ ᠴᠦᠬᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ | ᠣᠷᠣᠨ ᠤ ᠵᠢᠭᠤᠯᠴᠢᠯᠠᠯ ᠤᠨ ᠤᠶᠢᠯᠡᠰ ᠤᠨ ᠬᠦᠭᠵᠢᠯᠳᠡ ᠶᠢ ᠡᠩ ᠲᠡᠷᠢᠭᠦᠨ ᠳᠤ ᠲᠡᠳᠬᠦᠨ ᠳᠡᠮᠵᠢᠨ᠎ᠡ︔ ᠴᠥᠭᠡᠨ | ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ | ᠵᠢᠭᠤᠯᠴᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠤᠨᠴᠠᠭᠠᠢ ᠠᠰᠠᠭᠤᠳᠠᠯ ᠢ ᠰᠢᠢᠳᠪᠤᠷᠢᠯᠡᠨ᠎ᠡ᠃ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠵᠦ ᠪᠠᠶᠢᠭ᠎ᠠ ᠭᠠᠵᠠᠷ ᠣᠷᠣᠨ ᠤ ᠡᠷᠡᠭᠦᠯ ᠬᠠᠮᠠᠭᠠᠯᠠᠯ ᠤᠨ ᠤᠶᠢᠯᠡᠰ ᠤᠨ ᠬᠥᠭᠵᠢᠯᠲᠡ ᠶᠢ ᠢᠳᠡᠪᠬᠢᠲᠡᠶ | ᠲᠡᠳᠬᠦᠨ ᠲᠡᠮᠵᠢᠨ᠎ᠠ︔ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ | ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠰᠢᠮᠡᠭᠦᠷ ᠬᠤᠷᠣᠬᠠᠶᠢᠲᠤ ᠡᠪᠡᠳᠴᠢᠨ ᠢ ᠰᠡᠷᠭᠡᠶᠢᠯᠡᠬᠦ | ᠪᠠ ᠬᠢᠵᠠᠭᠠᠷᠯᠠᠵᠤ ᠪᠠᠶᠢᠭᠠᠳ ᠴᠥᠭᠡᠨ ᠲᠣᠭᠠᠲᠤ ᠦᠨᠳᠦᠰᠦᠲᠡᠨ ᠤ ᠮᠠᠯᠴᠢᠨ ᠲᠠᠷᠢᠶᠠᠴᠢᠨ ᠤ ᠡᠮᠴᠢᠯᠡᠭᠡᠨ ᠤ | ᠨᠥᠬᠦᠴᠡᠯ ᠢ ᠰᠠᠶᠢᠵᠢᠷᠠᠭᠤᠯᠬᠤ ᠬᠡᠷᠡᠭᠳᠡᠢ︔ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ | ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ | ᠣᠷᠣᠰᠢᠵᠤ ᠪᠠᠶᠢᠭ᠎ᠠ ᠤᠨᠴᠠᠭᠠᠢ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠢᠳᠡᠭᠡᠨ ᠪᠠ ᠡᠮ ᠤᠨ ᠵᠤᠶᠢᠯ ᠤᠨ ᠬᠠᠮᠢᠶᠠᠷᠤᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠯᠦᠭᠡ ᠵᠣᠬᠢᠴᠠᠯᠳᠤᠭᠰᠠᠨ ᠪᠣᠳᠠᠲᠠᠶ ᠠᠷᠭ᠎ᠠ᠂ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠯᠠᠯᠤ ᠶᠢᠨ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠠᠵᠢᠯ ᠤᠨ | ᠲᠦᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ︽ | ᠤᠯᠠᠭᠠᠨᠴᠠᠪ ᠬᠤᠲᠠ ᠶᠢᠨ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠣᠰᠣᠭᠠᠷ ᠯᠠᠯᠤ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ | ᠮᠣᠩᠭᠤᠯ ᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠲᠡᠨ ᠤ ᠬᠦᠴᠦᠨ ᠵᠤᠶᠢᠯ ᠳᠤ | ᠬᠤᠯᠪᠣᠭᠳᠠᠬᠤ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠠᠵᠢᠯ ᠢ ᠦᠷᠨᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠤᠶᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | ᠦᠨᠳᠦᠰᠦᠳᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠯᠦᠭᠡ ᠵᠣᠬᠢᠴᠠᠯᠳᠤᠭᠰᠠᠨ ᠪᠣᠳᠠᠲᠠᠶ ᠠᠷᠭ᠎ᠠ᠂ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠨᠳᠦᠰᠦᠲᠡᠨ ᠤ | ᠬᠦᠴᠦᠨ ᠵᠤᠶᠢᠯ ᠳᠤ ᠬᠤᠯᠪᠣᠭᠳᠠᠬᠤ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠠᠵᠢᠯ ᠢ ᠦᠷᠨᠢᠭᠦᠯᠵᠦ᠂ ᠴᠥᠭᠡᠨ | ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ | ᠲᠣᠭᠠᠲᠤ ᠦᠨᠳᠦᠰᠦᠳᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠦᠷᠢᠳᠬᠡᠯ ᠤᠨ ᠵᠠᠳᠠᠯᠤᠯᠲᠠ ᠬᠢᠵᠦ᠂ ᠠᠷᠭᠠᠴᠠᠭᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ | ᠬᠡᠷᠡᠭᠲᠡᠶ᠃ | ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠵᠤ ᠪᠠᠶᠢᠭ᠎ᠠ ᠭᠠᠵᠠᠷ ᠣᠷᠣᠨ ᠢ ᠵᠣᠬᠢᠴᠠᠭᠤᠯᠤᠨ ᠳᠡᠮᠵᠢᠵᠦ ᠣᠶ ᠰᠢᠭᠤᠶ ᠳᠤ ᠬᠤᠯᠪᠣᠭᠳᠠᠬᠤ ᠠᠵᠢᠯ | ᠥᠷᠨᠢᠭᠦᠯᠦᠨ᠎ᠡ︔ ᠣᠢ ᠰᠢᠭᠤᠶ ᠶᠢᠨ ᠪᠡᠯᠡ ᠮᠥᠩᠭᠦ ᠶᠢ ᠲᠦᠯᠬᠢᠨ ᠠᠬᠢᠭᠤᠯᠬᠤ ᠪᠠ ᠦᠨᠳᠦᠰᠦᠲᠡᠨ ᠤ ᠭᠠᠵᠠᠷ | ᠣᠷᠣᠨ ᠲᠡᠰᠢ ᠬᠡᠯᠪᠠᠶᠢᠯᠭᠡᠵᠦ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠤ | ᠭᠤᠤᠯᠳᠠᠯᠭ᠎ᠠ ᠲᠠᠢ ᠣᠢ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠡᠩ ᠲᠡᠷᠢᠭᠦᠨ ᠳᠤ | ᠲᠣᠬᠢᠷᠠᠭᠤᠯᠤᠨ᠎ᠠ᠃ | ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ᠄ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠣᠨᠴᠠᠭᠠᠶ ᠬᠦᠴᠢᠷᠳᠡᠯ ᠪᠣᠯᠤᠨ ᠠᠰᠠᠭᠤᠳᠠᠯ ᠢ | ᠵᠣᠬᠢᠴᠠᠭᠤᠯᠤᠨ ᠰᠢᠢᠳᠪᠤᠷᠢᠯᠡᠨ᠎ᠡ ᠃ | ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠵᠠᠷ | ᠮᠡᠳᠡᠭᠡ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠳᠡᠩᠰᠡᠯᠡᠨ ᠲᠡᠮᠳᠡᠭᠯᠡᠭᠰᠡᠨ ᠨᠡᠷᠡᠶᠢᠳᠦᠯ ᠢ ᠴᠢᠩᠭ᠎ᠠ ᠬᠢᠨᠠᠨ ᠬᠠᠷᠭᠤᠭᠤᠯᠵᠤ᠂ ᠵᠠᠷ ᠮᠡᠳᠡᠭᠡ ᠶᠢᠨ | ᠠᠵᠢᠯᠯᠠᠭ᠎ᠠ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠳᠤᠮᠳᠠ ᠦᠨᠳᠦᠰᠦᠲᠡᠨ ᠤ | ᠬᠠᠶᠢᠷ᠎ᠠ ᠰᠡᠳᠬᠢᠯᠭᠡ ᠶᠢ ᠬᠤᠬᠢᠷᠠᠭᠤᠯᠤᠭᠰᠠᠨ᠂ ᠦᠨᠳᠦᠰᠦᠲᠡᠨ ᠤ ᠪᠦᠯᠬᠦᠮᠳᠡᠯ ᠢ ᠬᠤᠬᠢᠷᠠᠭᠤᠯᠤᠭᠰᠠᠨ ᠪᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠵᠥᠷᠢᠴᠡᠭᠰᠡᠨ ᠠᠭᠤᠯᠭ᠎ᠠ ᠶᠢ ᠪᠠᠶᠢᠴᠠᠭᠠᠨ ᠰᠢᠢᠳᠪᠤᠷᠢᠯᠡᠨ᠎ᠡ︔ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ | ᠲᠦᠷᠢᠮ︾᠂ ︽ᠤᠯᠠᠭᠠᠨᠴᠠᠪ ᠬᠤᠲᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠥᠰᠥᠭ ᠪᠢᠴᠢᠭ ᠢ ᠵᠡᠷᠭᠡ ᠪᠠᠷ | ᠬᠡᠷᠡᠭᠯᠡᠬᠦ ᠬᠠᠮᠢᠶᠠᠷᠤᠯᠳᠡ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠥᠩᠭᠡᠨ | ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠬᠦ ᠬᠡᠷᠡᠭᠲᠡᠶ᠃ | ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠯᠢᠶᠠᠩᠴᠧᠩ ᠰᠢᠶᠠᠨ ᠤ | ᠬᠤᠪᠢᠶᠠᠷᠢ ᠲᠤᠪᠴᠢᠶ᠎ᠠ᠄ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠳᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠭᠤᠤᠯᠳᠠᠯᠭ᠎ᠠ ᠲᠠᠢ | ᠣᠷᠣᠨ ᠪᠦᠰᠡ ᠪᠠ ᠭᠤᠤᠯᠳᠠᠯᠭ᠎ᠠ ᠲᠠᠢ ᠰᠠᠪᠠ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ | ᠬᠠᠮᠠᠭᠠᠯᠠᠯᠲᠠ ᠵᠢᠴᠢ ᠪᠥᠬᠦ ᠰᠢᠶᠠᠨ ᠤ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ | ᠪᠠ ᠠᠮᠢ ᠠᠬᠤᠶ ᠶᠢᠨ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠦᠶ ᠡ ᠳᠤ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠠᠰᠢ ᠬᠡᠯᠪᠠᠶᠢᠯᠭᠡᠪᠡ︔ ᠴᠥᠭᠡᠨ | ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠮᠢ ᠠᠬᠤᠶ ᠶᠢᠨ ᠪᠦᠲᠦᠭᠡᠨᠪᠠᠶᠢᠭᠤᠯᠤᠯᠲᠠ | ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠤᠨᠴᠠᠭᠠᠢ ᠠᠰᠠᠭᠤᠳᠠᠯ | ᠢ ᠰᠤᠳᠤᠯᠤᠨ ᠰᠢᠢᠳᠪᠤᠷᠢᠯᠡᠬᠦ ᠬᠡᠷᠡᠭᠲᠡᠶ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠯᠢᠶᠠᠩᠴᠧᠩ ᠰᠢᠶᠠᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠪᠠ | ᠦᠨᠳᠦᠰᠦᠲᠡᠨ ᠤ ᠭᠠᠵᠠᠷ ᠣᠷᠣᠨ ᠢ ᠲᠡᠳᠬᠦᠨ ᠳᠡᠮᠵᠢᠬᠦ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠳᠡᠮᠵᠢᠬᠦ ᠡᠯ᠎ᠡ ᠵᠤᠶᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠦᠨᠳᠦᠰᠦᠲᠡᠨ ᠤ ᠠᠷᠠᠯᠵᠢᠶ᠎ᠠ᠂ | ᠦᠨᠳᠦᠰᠦᠲᠡᠨ ᠤ ᠬᠡᠷᠡᠭᠰᠡᠯ ᠤᠶᠢᠯᠡᠳᠪᠤᠷᠢᠯᠡᠬᠦ ᠠᠵᠤ ᠠᠬᠤᠶᠢᠯᠠᠯ ᠳᠤ ᠭᠠᠶᠢᠯᠢ ᠲᠠᠳᠠᠪᠤᠷᠢ ᠶᠢᠨ ᠲᠠᠯ᠎ᠠ ᠪᠠᠷ ᠵᠣᠬᠢᠬᠤ | ᠬᠡᠮᠵᠢᠶ᠎ᠡ ᠪᠠᠷ ᠬᠠᠰᠤᠵᠤ ᠬᠡᠯᠲᠦᠷᠢᠭᠦᠯᠬᠦ᠂ ᠬᠠᠷᠠᠭᠠᠯᠵᠠᠯ ᠦᠵᠡᠭᠦᠯᠬᠦ᠂ ᠲᠡᠳᠭᠦᠬᠦ ᠬᠡᠷᠡᠭᠲᠡᠶ᠃ ᠠᠷᠠᠳ ᠤᠨ | ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠭᠠᠶᠢᠯᠢ ᠲᠠᠲᠠᠪᠤᠷᠢ ᠶᠢᠨ ᠲᠠᠯ᠎ᠠ ᠪᠠᠷ ᠵᠤᠬᠢᠰᠳᠠᠢ ᠬᠠᠰᠤᠵᠤ | ᠬᠡᠯᠲᠦᠷᠢᠭᠦᠯᠬᠦ᠂ ᠬᠠᠷᠠᠭᠠᠯᠵᠠᠬᠤ᠂ ᠲᠡᠳᠬᠦᠬᠦ ᠬᠡᠷᠡᠭᠲᠡᠶ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ᠄ ᠬᠤᠳᠠᠯᠳᠤᠭᠠᠨ ᠤ | ᠪᠠᠩᠬᠢ ᠨᠤᠭᠤᠳ ᠢ ᠵᠣᠬᠢᠴᠠᠭᠤᠯᠤᠨ ᠦᠨᠳᠦᠰᠦᠲᠡᠨ ᠤ ᠬᠡᠷᠡᠭᠯᠡᠭᠡᠨ ᠤ ᠵᠤᠶᠢᠯ ᠤᠨ ᠲᠣᠭᠲᠠᠭᠰᠠᠨ ᠴᠡᠭ ᠤᠨ | ᠤᠶᠢᠯᠡᠳᠪᠤᠷᠢᠯᠡᠯ ᠤᠨ ᠠᠵᠤ ᠠᠬᠤᠶᠢᠯᠠᠯ᠂ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠭᠠᠵᠠᠷ ᠣᠷᠣᠨ ᠤ | ᠶᠠᠳᠠᠭᠤ ᠶᠢ ᠲᠡᠳᠬᠦᠬᠦ ᠲᠤᠰᠬᠠᠢ ᠵᠤᠶᠢᠯ ᠤᠨ ᠵᠢᠭᠡᠯᠡᠯᠭᠡ ᠶᠢᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠤᠨ᠎ᠠ︔ | ᠵᠢᠭᠡᠯᠡᠯᠭᠡ ᠶᠢᠨ ᠬᠡᠪᠴᠢᠶ᠎ᠡ ᠵᠢᠴᠢ ᠪᠡᠯᠡ ᠮᠥᠩᠭᠦ ᠴᠤᠭᠯᠠᠭᠤᠯᠬᠤ ᠵᠡᠷᠭᠡ ᠲᠠᠯ᠎ᠠ ᠪᠠᠷ ᠴᠥᠭᠡᠨ ᠲᠣᠭᠠᠲᠤ | ᠦᠨᠳᠦᠰᠦᠳᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠳᠤ ᠣᠨᠴᠠᠭᠠᠶ ᠬᠠᠷᠠᠭᠠᠯᠵᠠᠯ ᠦᠵᠡᠭᠦᠯᠬᠦ︔ ᠤᠯᠤᠰ ᠠᠴᠠ | ᠦᠨᠳᠦᠰᠦᠲᠡᠨ ᠤ ᠠᠷᠠᠯᠵᠢᠶ᠎ᠠ ᠪᠣᠯᠤᠨ ᠦᠨᠳᠦᠰᠦᠲᠡᠨ ᠤ ᠡᠳ᠋ᠯᠡᠯ ᠤᠶᠢᠯᠡᠳᠪᠤᠷᠢᠯᠡᠬᠦ ᠠᠵᠤ ᠠᠬᠤᠶᠢᠯᠠᠯ ᠳᠤ | ᠬᠡᠷᠡᠭᠵᠢᠭᠦᠯᠦᠭᠰᠡᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠮ ᠬᠦᠤ ᠲᠠᠢ ᠵᠢᠭᠡᠯᠡᠯᠭᠡ ᠶᠢᠨ ᠵᠠᠷᠯᠢᠭ᠂ ᠡᠷᠭᠢᠮᠡᠯ ᠪᠡᠯᠡ | ᠮᠥᠩᠭᠦ ᠶᠢᠨ ᠵᠢᠭᠡᠯᠡᠯᠭᠡ ᠶᠢᠨ ᠬᠠᠷᠠᠭᠠᠯᠵᠠᠯ ᠤᠨ ᠬᠦᠤ ᠶᠢᠨ ᠨᠣᠷᠮ᠎ᠠ ᠵᠡᠷᠭᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠤᠯᠠᠭᠠᠨᠴᠠᠪ ᠤᠨ ᠴᠠᠬᠢᠯᠭᠠᠨ ᠦᠢᠯᠡᠰ ᠤᠨ ᠲᠣᠪᠴᠢᠶᠠᠨ ᠤ ᠯᠢᠶᠠᠩᠴᠧᠩ ᠴᠠᠬᠢᠯᠭᠠᠨ ᠬᠠᠩᠭᠠᠬᠤ ᠬᠤᠪᠢᠶᠠᠷᠢ | ᠲᠤᠪᠴᠢᠶ᠎ᠠ᠄ ᠴᠠᠬᠢᠯᠭᠠᠨ ᠲᠣᠣᠷ ᠤᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠣᠷᠣᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠪᠣᠳᠣᠯᠬᠢᠯᠠᠨ᠎ᠠ | ︔ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠤ ᠴᠠᠬᠢᠯᠭᠠᠨ ᠤ ᠲᠣᠤᠷ ᠤᠨ ᠪᠦᠲᠦᠭᠡᠨ | ᠪᠠᠶᠢᠭᠤᠯᠤᠯᠳᠡ ᠶᠢ ᠴᠢᠩᠭᠠᠳᠬᠠᠵᠤ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠦᠨᠡᠨᠬᠦ ᠳᠡᠭᠡᠭᠰᠢᠯᠡᠭᠦᠯᠵᠦ᠂ | ᠴᠦᠬᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠤ ᠠᠵᠤ ᠠᠬᠤᠢ ᠶᠢᠨ ᠦᠷᠭᠦᠯᠵᠢᠯᠡᠨ | ᠬᠥᠭᠵᠢᠬᠦ ᠳᠤ ᠪᠠᠲᠤ ᠴᠢᠩᠭ᠎ᠠ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠶ᠃ | ᠬᠤᠶᠠᠷ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠺᠣᠮᠢᠰ ᠤᠨ ᠲᠤᠰᠢᠶᠠᠯ ᠬᠠᠪᠰᠤᠷᠭᠠᠭᠰᠠᠨ ᠭᠡᠰᠢᠭᠦᠳ ᠤᠨ | ᠨᠡᠷᠡᠰ | ᠭᠦᠸᠧ ᠯᠢᠨ ᠸᠧᠶ ᠰᠢᠶᠠᠨ ᠤ ᠳᠠᠩᠰᠠ ᠡᠪᠬᠡᠮᠡᠯ ᠤᠨ ᠲᠣᠪᠴᠢᠶᠠᠨ ᠤ ᠳᠡᠳ᠋ ᠳᠠᠷᠤᠭ᠎ᠠ | ᠼᠤᠤ ᠵᠢᠶᠦ᠋ᠨ ᠵᠢᠶᠧ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ | ᠮᠠ ᠯᠢ ᠫᠢᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠢᠦᠶ ᠬᠠᠢ ᠹᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | | ᠵᠤᠤ ᠵᠢᠶᠠᠨ ᠵᠢᠶᠦ᠋ᠨ ᠰᠢᠶᠠᠨ ᠤ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠯᠢ ᠵᠢᠶᠦ᠋ᠨ ᠬᠤᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠵᠧᠩ ᠰᠢᠶᠤᠤ ᠢᠩ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠵᠤᠤ ᠢᠦᠶ ᠬᠤ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠼᠤᠤ ᠽᠤ᠋ ᠶᠦᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ | ᠭᠦᠩ ᠶᠢᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠸᠠᠩ ᠸᠧᠨ ᠰᠢᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠧᠩ ᠹᠠᠨ ᠵᠢᠶᠦ᠋ᠨ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠱᠢ ᠫᠢᠩ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠠᠩ ᠬᠠᠶ ᠵᠢᠶᠦ᠋ᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠤᠪᠴᠢᠶᠠᠨ ᠤ ᠳᠡᠳ᠋ ᠳᠠᠷᠤᠭ᠎ᠠ | ᠰᠢᠶᠣᠤ ᠵᠢᠶᠧ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠶᠢᠨ ᠰᠣᠶᠣᠯ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠸᠠᠩ ᠯᠢ ᠢᠦᠶ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠶᠦᠨ ᠵᠢᠶᠦ᠋ᠨ ᠵᠢᠶᠦ᠋ᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠾᠥᠸᠧ ᠷᠦᠨ ᠵᠦ ᠰᠢᠶᠠᠨ ᠤ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠸᠠᠩ ᠬᠤᠸᠠ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ | ᠯᠦ ᠬᠤᠩ ᠢᠦᠶ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ ᠠ ᠶᠢᠨ ᠳᠡᠳ᠋ ᠳᠠᠷᠤᠭ᠎ᠠ | ᠴᠧᠩ ᠹᠧᠩ ᠴᠢ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ | ᠯᠢᠶᠠᠩᠴᠧᠩ ᠰᠢᠶᠠᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠯᠢᠦ ᠶᠤᠸᠠᠨ ᠱᠧᠩ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠯᠢᠶᠠᠩᠴᠧᠩ | ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠺᠠᠩ ᠴᠤᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ | ᠪᠠᠩᠬᠢ ᠶᠢᠨ ᠳᠡᠳ᠋ ᠳᠠᠷᠤᠭ᠎ᠠ | ᠶᠠᠨ ᠹᠦ᠋ ᠴᠢᠶᠠᠩ ᠤᠯᠠᠭᠠᠨᠴᠠᠪ ᠤᠨ ᠴᠠᠬᠢᠯᠭᠠᠨ ᠦᠢᠯᠡᠰ ᠤᠨ ᠲᠣᠪᠴᠢᠶᠠᠨ ᠤ ᠯᠢᠶᠠᠩᠴᠧᠩ ᠳᠠᠬᠢ | ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠹᠦ᠋ ᠵᠢᠩ ᠶᠢᠩ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ | ᠭᠤᠷᠪᠠ᠂ ᠪᠤᠰᠤᠳᠵᠤᠶᠢᠯ | ︵ᠨᠢᠭᠡ︶ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠯ᠎ᠡ ᠲᠤᠰᠢᠶᠠᠯ ᠬᠠᠪᠰᠤᠷᠭᠠᠭᠰᠠᠨ | ᠭᠡᠰᠢᠭᠦᠨ ᠨᠢᠭᠡᠴᠡ ᠨᠦᠭᠦᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ | ᠬᠠᠪᠰᠤᠷᠤᠯᠴᠠᠭᠰᠠᠨ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ | ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠨ | ᠬᠠᠪᠰᠤᠷᠴᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ | ᠬᠠᠷᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠨᠡᠪᠲᠡᠷᠡᠯᠴᠡᠵᠦ᠂ ᠦᠨᠳᠦᠰᠦᠲᠡᠨ ᠤ ᠠᠵᠢᠯ ᠤᠨ ᠪᠠᠶᠢᠳᠠᠯ ᠢ ᠴᠠᠭ | ᠲᠤᠬᠠᠢ ᠳᠤᠨᠢ ᠣᠶᠢᠯᠠᠭᠠᠵᠤ᠂ ᠦᠨᠳᠦᠰᠦᠲᠡᠨ ᠤ ᠠᠵᠢᠯ ᠳᠤ ᠰᠠᠨᠠᠭᠤᠯᠭ᠎ᠠ ᠪᠠ ᠰᠠᠨᠠᠯ ᠳᠤᠷᠠᠳᠬᠤ ᠬᠡᠷᠡᠭᠲᠡᠶ᠃ | ︵ᠬᠤᠶᠠᠷ︶ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠤᠰᠢᠶᠠᠯ ᠬᠠᠪᠰᠤᠷᠭᠠᠭᠰᠠᠨ | ᠭᠡᠰᠢᠭᠦᠳ ᠤᠨ ᠬᠤᠷᠠᠯᠳᠤᠭᠠᠨ ᠢ ᠲᠣᠭᠲᠠᠮᠠᠯ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ | ᠠᠵᠢᠯ ᠤᠨ ᠪᠠᠶᠢᠳᠠᠯ ᠢᠶᠠᠨ ᠰᠣᠯᠢᠯᠴᠠᠵᠤ᠂ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠲᠤᠬᠠᠶ ᠰᠠᠨᠠᠭᠤᠯᠭ᠎ᠠ ᠪᠠ ᠰᠠᠨᠠᠯ ᠢ ᠰᠣᠨᠣᠰᠴᠤ᠂ ᠦᠨᠳᠦᠰᠦᠲᠡᠨ ᠤ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠬᠤ ᠶᠢᠨ ᠬᠠᠮᠲᠤ ᠵᠣᠬᠢᠴᠠᠭᠤᠯᠤᠨ ᠰᠢᠢᠳᠪᠤᠷᠢᠯᠡᠵᠦ᠂ ᠬᠤᠷᠠᠯ ᠤᠨ | ᠪᠠᠶᠢᠳᠠᠯ ᠪᠠ ᠲᠤᠰᠬᠠᠭᠰᠠᠨ ᠴᠢᠬᠤᠯᠠ ᠶᠡᠭᠡ ᠠᠰᠠᠭᠤᠳᠠᠯ ᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠴᠠᠭ | ᠲᠤᠬᠠᠶ ᠳᠤᠨᠢ ᠮᠡᠳᠡᠭᠦᠯᠦᠨ᠎ᠡ᠃ | ︵ᠭᠤᠷᠪᠠ︶ ᠬᠤᠶᠢᠰᠢᠳᠠ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠭᠡᠰᠢᠭᠦᠨ ᠲᠤᠰᠢᠶᠠᠯ ᠬᠠᠪᠰᠤᠷᠭᠠᠭᠰᠠᠨ | ᠭᠡᠰᠢᠭᠦᠳ ᠲᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠵᠤ᠂ ᠪᠠᠶᠢᠭ᠎ᠠ ᠨᠢᠭᠡᠴᠢ ᠨᠢ ᠰᠠᠨᠠᠯ ᠳᠤᠷᠠᠳᠴᠤ᠂ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠺᠣᠮᠢᠰ ᠢᠶᠠᠷ ᠬᠢᠨᠠᠨ ᠬᠠᠷᠭᠤᠭᠤᠯᠤᠭᠤᠯᠤᠭᠠᠳ᠂ ᠰᠢᠶᠠᠨ ᠤ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ | 2020 ᠣᠨ ᠤ 9 ᠰᠠᠷ᠎ᠠ ᠶᠢᠨ 7 ᠤ ᠡᠳᠦᠷ |