ᠬᠠᠤᠯᠢ ᠪᠠᠷ ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ ᠨᠠᠰᠤ ᠨᠢ ᠶᠠᠭᠠᠬᠢᠵᠤ ᠬᠤᠪᠢᠷᠡᠬᠤ ᠪᠤᠢ︖ | | | ᠵᠤᠬᠢᠶᠠᠭᠴᠢ᠄ ᠴᠧᠨ ᠫᠧᠩ | ᠣᠶᠢᠷ᠎ᠠ ᠶᠢᠨ ᠵᠢᠯ ᠳᠤ᠂ ᠨᠠᠰᠤᠨ ᠤ ᠠᠮᠠᠷᠠᠯᠲᠠ ᠠᠪᠬᠤ ᠨᠠᠰᠤ ᠵᠢᠯ ᠢ ᠬᠤᠶᠢᠰᠢᠯᠠᠭᠤᠯᠬᠤ ᠨᠢ ᠬᠥᠮᠦᠰ ᠤᠨ | ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠬᠠᠯᠠᠭᠤᠨ ᠴᠡᠭ ᠤᠨ ᠰᠡᠳᠦᠪ ᠪᠣᠯᠤᠭᠰᠠᠭᠠᠷ ᠢᠷᠡᠵᠡᠶ᠃ ᠲᠦᠷᠦᠭᠦᠬᠡᠨ᠂ ︽ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ︵ᠳᠣᠷᠣᠭᠰᠢ ︽ᠰᠠᠨᠠᠭᠤᠯᠭ᠎ᠠ︾ ᠭᠡᠵᠦ ᠲᠣᠪᠴᠢᠯᠠᠨ᠎ᠠ︶ | ᠳᠤ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤ ᠶᠢ ᠠᠭᠠᠵᠢᠮ ᠢᠶᠠᠷ ᠤᠷᠲᠤᠳᠬᠠᠬᠤ ᠶᠢ | ᠬᠡᠷᠡᠭᠵᠢᠭᠦᠯᠦᠨ᠎ᠡ︾ ᠭᠡᠵᠦ ᠵᠢᠭᠠᠵᠤ ᠭᠠᠷᠭᠠᠪᠠ᠃ ᠡᠨᠡ ᠬᠦ ᠴᠢᠬᠤᠯᠠ ᠥᠭᠦᠯᠡᠯᠲᠡ ᠨᠢ ᠣᠳᠣᠬᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠤᠤᠯᠳᠠᠯᠭ᠎ᠠ ᠲᠠᠢ ᠠᠰᠠᠭᠤᠳᠠᠯ ᠳᠤ ᠬᠠᠷᠢᠭᠤᠯᠲᠠ ᠥᠭᠭᠦᠭᠰᠡᠨ ᠢᠶᠠᠷ | ᠪᠠᠷᠠᠬᠤ ᠦᠭᠡᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠨᠡᠶᠢᠭᠡᠮ ᠤᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠴᠢᠬᠤᠯᠠ ᠬᠤᠪᠢᠷᠠᠯᠳᠡ ᠶᠢ ᠲᠤᠰᠬᠠᠵᠤ ᠪᠠᠶᠢᠨ᠎ᠠ᠃ | ᠡᠨᠡ ᠬᠦ ᠴᠢᠬᠤᠯᠠ ᠥᠭᠦᠯᠡᠯᠲᠡ ᠶᠢ ᠣᠶᠢᠯᠠᠭᠠᠬᠤ ᠳᠤ ︽ᠬᠡᠷᠡᠭᠵᠢᠭᠦᠯᠬᠦ︾ ᠪᠠ ︽ᠠᠯᠭᠤᠷ ᠤᠷᠤᠭᠰᠢᠯᠠᠬᠤ | ᠬᠡᠯᠪᠡᠷᠢ︾ ᠭᠡᠬᠦ ᠬᠤᠶᠠᠷ ᠵᠠᠩᠭᠢᠯᠠᠭ᠎ᠠ ᠶᠢᠨ ᠦᠭᠡ ᠪᠠᠷ ᠴᠢᠩᠭ᠎ᠠ ᠤᠶᠠᠯᠳᠤᠭᠤᠯᠬᠤ ᠬᠡᠷᠡᠭᠲᠡᠶ᠃ ︽ᠬᠡᠷᠡᠭᠵᠢᠭᠦᠯᠬᠦ︾ | ᠨᠢ ᠮᠠᠰᠢ ᠶᠡᠭᠡ ᠬᠡᠮᠵᠢᠶᠡᠨ ᠳᠡᠭᠡᠷ᠎ᠡ ᠨᠠᠰᠤᠨ ᠤ ᠠᠮᠠᠷᠠᠯᠲᠠ ᠠᠪᠬᠤ ᠶᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠶᠢᠨ ᠴᠠᠭ ᠤᠨ ᠳᠠᠷᠠᠭᠠᠯᠠᠯ ᠤᠨ ᠠᠬᠢᠴᠠ ᠶᠢ ᠲᠤᠰᠬᠠᠳᠠᠭ︔ ︽ᠠᠭᠠᠵᠢᠮ ᠢᠶᠠᠷ ᠠᠬᠢᠬᠤ ᠬᠡᠯᠪᠡᠷᠢ︾ ᠨᠢ | ᠬᠠᠷᠢᠨ ᠨᠠᠰᠤᠨ ᠤ ᠠᠮᠠᠷᠠᠯᠲᠠ ᠠᠪᠬᠤ ᠶᠢ ᠬᠤᠶᠢᠰᠢᠯᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ | ᠦᠨᠳᠦᠰᠦᠨ ᠠᠷᠭ᠎ᠠ ᠪᠤᠳᠤᠯᠭ᠎ᠠ ᠶᠢ ᠬᠠᠷᠠᠭᠤᠯᠵᠤ ᠪᠠᠶᠢᠨ᠎ᠠ᠃ | ︽ᠬᠡᠷᠡᠭᠵᠢᠭᠦᠯᠬᠦ︾ ᠳᠤ ᠠᠪᠴᠤ ᠬᠡᠯᠡᠪᠡᠯ᠂ ᠨᠠᠰᠤᠨ ᠤ ᠠᠮᠠᠷᠠᠯᠲᠠ ᠠᠪᠬᠤ ᠨᠠᠰᠤ ᠵᠢᠯ ᠢ | ᠬᠤᠶᠢᠰᠢᠯᠠᠭᠤᠯᠬᠤ ᠨᠢ ᠣᠳᠣ ᠶᠠᠭ ᠲᠥᠷᠥ ᠶᠢᠨ ᠪᠣᠳᠣᠯᠭ᠎ᠠ ᠶᠢ ᠰᠤᠳᠤᠯᠵᠤ ᠲᠣᠭᠲᠠᠭᠠᠬᠤ ᠠᠴᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠵᠦᠭ ᠶᠠᠪᠤᠵᠤ ᠪᠠᠶᠢᠨ᠎ᠠ᠃ ᠲᠥᠷᠥ ᠶᠢᠨ ᠪᠣᠳᠣᠯᠭ᠎ᠠ ᠶᠢᠨ ᠪᠢᠴᠢᠭ ᠬᠠᠷ᠎ᠠ ᠶᠢ | ᠡᠮᠬᠢᠯᠡᠬᠦ ᠳᠤ᠂ ᠣᠳᠣᠬᠠᠨ ᠤ ᠨᠠᠰᠤᠨ ᠤ ᠠᠮᠠᠷᠠᠯᠲᠠ ᠠᠪᠬᠤ ᠨᠠᠰᠤᠨ ᠤ ᠲᠥᠷᠥ ᠶᠢᠨ ᠪᠣᠳᠣᠯᠭ᠎ᠠ 1951 ᠣᠨ ᠤ | 2 ᠰᠠᠷ᠎ᠠ ᠳᠤ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ | ᠳᠠᠭᠠᠳᠬᠠᠯ ᠤᠨ ᠲᠦᠷᠢᠮ︾ ᠠᠴᠠ ᠡᠬᠢᠯᠡᠭᠰᠡᠨ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠲᠤᠬᠠᠶ ᠶᠢᠨ | ᠦᠶ᠎ᠡ ᠳᠤ ︽ᠡᠷᠡᠭᠲᠡᠶ ᠪᠦᠬᠦᠯᠢ 60 ᠨᠠᠰᠤ ᠬᠦᠷᠪᠡᠯ᠂ ᠡᠮᠡᠭᠲᠡᠶ ᠺᠠᠳ᠋ᠷ ᠪᠦᠬᠦᠯᠢ 55 ᠨᠠᠰᠤ ᠬᠦᠷᠴᠦ᠂ ᠡᠮᠡᠭᠲᠡᠶ | ᠠᠵᠢᠯᠴᠢᠨ ᠪᠦᠬᠦᠯᠢ 50 ᠨᠠᠰᠤ ᠬᠦᠷᠪᠡᠯ ᠨᠠᠰᠤᠨ ᠤ ᠠᠮᠠᠷᠠᠯᠳᠡ ᠠᠪᠴᠤ ᠪᠣᠯᠤᠨ᠎ᠠ︾ ᠭᠡᠬᠦ ᠲᠣᠭᠲᠠᠭᠠᠯ ᠨᠢ | ᠵᠣᠬᠢᠬᠤ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠵᠦᠶ | ᠵᠣᠬᠢᠰᠲᠠᠶ ᠴᠢᠨᠠᠷ ᠲᠠᠢ ᠶᠤᠮ᠃ ᠭᠡᠪᠡᠴᠦ ᠶᠢᠷᠲᠢᠨᠴᠦ ᠶᠢᠨ ᠲᠦᠮᠡᠨ ᠪᠣᠳᠠᠰ ᠴᠥᠮ ᠲᠠᠰᠤᠷᠠᠯᠲᠠ ᠦᠭᠡᠢ ᠬᠥᠭᠵᠢᠨ | ᠬᠤᠪᠢᠷᠠᠵᠤ ᠪᠠᠶᠢᠳᠠᠭ᠂ ᠬᠡᠵᠢᠶᠡᠳᠡ ᠬᠤᠪᠢᠷᠠᠰᠢ ᠦᠭᠡᠢ ᠬᠡᠷᠡᠭ ᠪᠣᠳᠠᠰ ᠭᠡᠵᠦ ᠪᠠᠶᠢᠳᠠᠭ ᠦᠭᠡᠢ ᠶᠤᠮ᠃ ᠨᠢᠭᠡ | ᠤᠯᠤᠰ ᠤᠨ ᠬᠥᠮᠦᠨ ᠠᠮᠠ ᠶᠢ ᠬᠥᠭᠵᠢᠭᠦᠯᠬᠦ ᠲᠦᠷᠦ ᠶᠢᠨ ᠪᠤᠳᠤᠯᠭ᠎ᠠ ᠴᠤ ᠡᠶᠢᠮᠦ ᠪᠠᠶᠢᠳᠠᠭ᠃ ᠥᠭᠡᠷᠡᠴᠢᠯᠡᠯᠲᠡ | ᠨᠡᠭᠡᠭᠡᠯᠲᠡ ᠬᠢᠭᠰᠡᠨ ᠠᠴᠠ ᠨᠠᠭᠠᠰᠢ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠲᠠᠭᠠᠯᠳᠤᠨ᠂ ᠮᠠᠨ ᠤ | ᠤᠯᠤᠰ ᠤᠨ ᠬᠥᠮᠦᠨ ᠳᠤᠮᠳᠠᠴᠢ ᠶᠢᠨ ᠠᠮᠢ ᠨᠠᠰᠤ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠂ ᠭᠡᠪᠡᠴᠦ ᠬᠥᠮᠦᠨ | ᠠᠮᠠ ᠶᠢᠨ ᠨᠠᠰᠤᠵᠢᠬᠤ ᠬᠠᠨᠳᠤᠰᠢ ᠴᠤ ᠵᠡᠷᠭᠡ ᠪᠠᠷ ᠢᠯᠡᠷᠡᠵᠦ ᠪᠠᠶᠢᠨ᠎ᠠ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2019 ᠤᠨ ᠡᠴᠦᠰ ᠪᠣᠯᠲᠠᠯ᠎ᠠ᠂ ᠪᠦᠬᠦ ᠤᠯᠤᠰ ᠤᠨ | 60 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 25388 ᠲᠦᠮᠡ ᠪᠠᠶᠢᠵᠤ᠂ ᠪᠦᠬᠦ ᠬᠥᠮᠦᠨ ᠠᠮᠠ ᠶᠢᠨ | 18.1% ᠶᠢ ᠡᠵᠡᠯᠡᠵᠦ ᠪᠠᠶᠢᠨ᠎ᠠ᠃ ᠡᠭᠦᠨ ᠤ ᠳᠣᠲᠣᠷ᠎ᠠ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ | ᠬᠥᠮᠦᠨ ᠠᠮᠠ 17603 ᠲᠦᠮᠡ ᠪᠠᠶᠢᠵᠤ᠂ ᠪᠦᠬᠦ ᠬᠥᠮᠦᠨ ᠠᠮᠠ ᠶᠢᠨ 12.6% ᠶᠢ ᠡᠵᠡᠯᠡᠵᠡᠶ᠃ ᠡᠨᠡ ᠨᠢ | ᠣᠳᠣᠬᠠᠨ ᠤ ᠴᠠᠭ ᠦᠶ᠎ᠡ ᠶᠢᠨ ᠬᠥᠭᠵᠢᠯᠲᠡ ᠶᠢ ᠦᠨᠳᠦᠰᠦᠯᠡᠨ ᠤᠳᠤ ᠶᠢᠨ ᠬᠡᠷᠡᠭᠵᠢᠭᠦᠯᠵᠦ ᠪᠠᠶᠢᠭ᠎ᠠ ᠠᠵᠢᠯ ᠠᠴᠠ | ᠪᠠᠭᠤᠵᠤ ᠠᠮᠠᠷᠠᠬᠤ ᠨᠠᠰᠤᠨ ᠤ ᠲᠦᠷᠦ ᠶᠢᠨ ᠪᠤᠳᠤᠯᠭ᠎ᠠ ᠳᠤ ᠴᠠᠭ ᠲᠤᠬᠠᠶ ᠳᠤᠨᠢ ᠲᠤᠬᠢᠷᠠᠭᠤᠯᠤᠯᠳᠠ ᠬᠢᠬᠦ | ᠴᠢᠬᠤᠯᠠᠳᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠡᠭᠦᠨ ᠳᠤ ᠰᠠᠭᠤᠷᠢᠯᠠᠵᠤ᠂ ᠨᠠᠰᠤᠨ ᠤ ᠠᠮᠠᠷᠠᠯᠲᠠ ᠶᠢ | ᠬᠤᠶᠢᠰᠢᠯᠠᠭᠤᠯᠬᠤ ᠶᠢ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠪᠠ᠃ | ᠡᠨᠡ ᠬᠦ ᠶᠠᠪᠤᠴᠠ ᠳᠠᠬᠢ ᠨᠡᠯᠢᠶᠡᠳ ᠴᠢᠬᠤᠯᠠ ᠵᠠᠩᠭᠢᠯᠠᠭ᠎ᠠ ᠶᠢᠨ ᠴᠡᠭ ᠪᠣᠯ 2012 ᠣᠨ ᠤ 6 ᠰᠠᠷ᠎ᠠ ᠳᠤ | ᠨᠡᠶᠢᠳᠡᠯᠡᠭᠰᠡᠨ ︽ᠨᠡᠶᠢᠭᠡᠮ ᠤᠨ ᠪᠠᠲᠤᠯᠠᠭ᠎ᠠ ᠶᠢᠨ ︿ᠠᠷᠪᠠᠨ ᠬᠤᠶᠠᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢᠨ | ᠲᠣᠪᠴᠢ︾ ᠳᠤ ︽ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠨᠠᠰᠤ ᠵᠢᠯ ᠢ ᠤᠶᠠᠨ ᠬᠠᠳᠠᠨ ᠴᠢᠨᠠᠷᠲᠠᠶ ᠪᠠᠷ | ᠬᠤᠶᠢᠰᠢᠯᠠᠭᠤᠯᠬᠤ ᠲᠦᠷᠦ ᠶᠢᠨ ᠪᠤᠳᠤᠯᠭ᠎ᠠ ᠶᠢ ᠰᠤᠳᠤᠯᠬᠤ ᠶᠠᠪᠤᠳᠠᠯ ᠪᠣᠯᠤᠨ᠎ᠠ᠃ ᠳᠠᠷᠠᠭ᠎ᠠ ᠨᠢ᠂ 2013 ᠣᠨ ᠤ | 11 ᠰᠠᠷ᠎ᠠ ᠳᠤ ᠬᠤᠷᠠᠯᠳᠤᠭᠰᠠᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠠᠴᠠ ︽ᠨᠠᠰᠤᠨ ᠤ ᠠᠮᠠᠷᠠᠯᠲᠠ ᠠᠪᠬᠤ ᠨᠠᠰᠤ ᠵᠢᠯ ᠢ ᠠᠭᠠᠵᠢᠮ ᠢᠶᠠᠷ ᠤᠷᠳᠤᠳᠬᠠᠬᠤ ᠲᠥᠷᠥ ᠶᠢᠨ | ᠪᠣᠳᠣᠯᠭ᠎ᠠ ᠶᠢ ᠰᠤᠳᠤᠯᠤᠨ ᠲᠣᠭᠲᠠᠭᠠᠨ᠎ᠠ︾ ᠭᠡᠵᠦ ᠳᠠᠬᠢᠨᠲᠠ ᠳᠤᠷᠠᠳᠴᠠᠶ᠃ ᠡᠨᠡ ᠬᠦ ᠰᠢᠢᠳᠪᠤᠷᠢ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠳᠠᠷᠦ᠋ᠢᠬᠠᠨ ᠭᠦᠨᠵᠡᠭᠡᠶ | ᠪᠠᠶᠢᠴᠠᠭᠠᠨ ᠰᠤᠳᠤᠯᠤᠯᠲᠠ ᠬᠢᠬᠦ᠂ ᠣᠯᠠᠨ ᠲᠠᠯ᠎ᠠ ᠶᠢᠨ ᠰᠠᠨᠠᠯ ᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯ ᠠᠴᠠ ᠪᠠᠨ ᠪᠠᠭᠤᠵᠤ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ | ᠰᠤᠳᠤᠯᠬᠤ ᠪᠠᠨ ᠴᠢᠩᠭᠠᠳᠬᠠᠪᠠ᠃ ᠡᠨᠡ ᠬᠤᠭᠤᠴᠠᠭᠠᠨ ᠳᠤ᠂ ᠨᠠᠰᠤᠨ ᠤ ᠠᠮᠠᠷᠠᠯᠲᠠ ᠠᠪᠬᠤ ᠨᠠᠰᠤ ᠵᠢᠯ ᠢ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠬᠡᠵᠢᠶ᠎ᠡ ᠵᠢᠩᠬᠢᠨᠢ ᠪᠠᠷ ᠬᠡᠷᠡᠭᠵᠢᠭᠦᠯᠬᠦ ᠨᠢ ᠬᠥᠮᠦᠰ ᠤᠨ ᠠᠩᠬᠠᠷᠤᠯ ᠢ | ᠶᠡᠬᠡᠳᠡ ᠲᠠᠲᠠᠵᠤ ᠪᠠᠶᠢᠨ᠎ᠠ᠃ ᠡᠳᠦᠭᠡ ᠪᠣᠯᠲᠠᠯ᠎ᠠ ︽ᠰᠠᠨᠠᠭᠤᠯᠭ᠎ᠠ︾ ᠳᠤ ︽ᠬᠠᠤᠯᠢ ᠳᠤ ᠲᠣᠭᠲᠠᠭᠠᠭᠰᠠᠨ | ᠨᠠᠰᠤᠨ ᠤ ᠠᠮᠠᠷᠠᠯᠲᠠ ᠠᠪᠬᠤ ᠨᠠᠰᠤ ᠵᠢᠯ ᠢ ᠢᠳᠡᠭ ᠢᠳᠡᠭ ᠢᠶᠠᠷ ᠤᠷᠲᠤᠳᠬᠠᠬᠤ ᠬᠡᠷᠡᠭᠲᠡᠶ︾ ᠭᠡᠵᠦ ᠲᠣᠳᠣᠷᠬᠠᠶ | ᠳᠤᠷᠠᠳᠴᠠᠶ᠂ ᠡᠨᠡ ᠨᠢ ᠣᠳᠣᠬᠠᠨ ᠤ ᠡᠨᠡ ᠬᠦ ᠲᠥᠷᠥ ᠶᠢᠨ ᠪᠤᠳᠤᠯᠭ᠎ᠠ ᠨᠢ ᠨᠢᠭᠡᠨᠲᠡ ᠰᠤᠳᠤᠯᠵᠤ ᠬᠠᠶᠢᠨ | ᠰᠦᠪᠡᠭᠴᠢᠯᠡᠬᠦ ᠳᠡᠰ ᠳᠠᠪᠬᠤᠷᠭ᠎ᠠ ᠠᠴᠠ ᠦᠢᠯᠡᠳᠦᠯᠭᠡ ᠶᠢᠨ ᠬᠡᠷᠡᠭᠯᠡᠭᠡᠨ ᠤ ᠳᠡᠰ ᠳᠠᠪᠬᠤᠷᠭ᠎ᠠ ᠵᠦᠭ ᠠᠯᠬᠤᠮ | ᠠᠯᠬᠤᠮ ᠢᠶᠠᠷ ᠰᠢᠯᠵᠢᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠃ | ︽ᠠᠭᠠᠵᠢᠮ ᠢᠶᠠᠷ ᠠᠬᠢᠬᠤ ᠬᠡᠯᠪᠡᠷᠢ︾ ᠪᠠᠷ ᠠᠪᠴᠤ ᠬᠡᠯᠡᠪᠡᠯ᠂ ᠲᠡᠭᠦᠨ ᠳᠤ ᠨᠠᠰᠤᠨ ᠤ ᠠᠮᠠᠷᠠᠯᠲᠠ ᠶᠢ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠨᠢ ᠠᠵᠢᠯᠯᠠᠬᠤ ᠮᠡᠷᠭᠡᠵᠢᠯ ᠤᠨ ᠲᠠᠯ᠎ᠠ ᠪᠠᠷ ᠪᠠᠭ᠎ᠠ ᠠᠯᠬᠤᠮ ᠢᠶᠠᠷ ᠠᠭᠠᠵᠢᠮ | ᠶᠠᠪᠤᠵᠦ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ ᠠᠷᠭ᠎ᠠ ᠪᠣᠳᠣᠯᠭ᠎ᠠ ᠠᠭᠤᠯᠤᠭᠳᠠᠵᠤ ᠪᠠᠶᠢᠨ᠎ᠠ᠃ | ᠬᠤᠪᠢᠰᠤᠩᠭᠤᠶ ᠪᠣᠳᠠᠰᠴᠢ ᠦᠵᠡᠯ ᠤᠨ ᠦᠨᠳᠦᠰᠦᠨ ᠤᠨᠤᠯ ᠤᠨ ᠬᠡᠯᠡᠭᠰᠡᠨ ᠮᠡᠲᠦ ᠪᠠᠷ ᠲᠣᠭᠠᠨ ᠤ ᠬᠤᠪᠢᠷᠠᠯᠲᠠ ᠪᠣᠯ | ᠴᠢᠨᠠᠷ ᠤᠨ ᠬᠤᠪᠢᠷᠠᠯᠲᠠ ᠶᠢᠨ ᠴᠢᠬᠤᠯᠠ ᠪᠦᠬᠦᠢ ᠪᠡᠯᠡᠳᠬᠡᠯ ᠪᠠ ᠤᠷᠢᠲᠠᠯ ᠤᠨ ᠰᠠᠭᠤᠷᠢ ᠮᠥᠨ᠃ ᠲᠣᠭᠠᠨ ᠤ | ᠬᠤᠪᠢᠷᠠᠯᠲᠠ ᠵᠣᠬᠢᠬᠤ ᠬᠡᠮᠵᠢᠶᠡᠨ ᠳᠤ ᠬᠦᠷᠪᠡᠯ ᠬᠡᠷᠡᠭ ᠪᠣᠳᠠᠰ ᠤᠨ ᠬᠥᠭᠵᠢᠯᠲᠡ ᠳᠤ ᠰᠠᠶ᠋ᠢ ᠴᠢᠨᠠᠷ ᠤᠨ ᠬᠤᠪᠢᠷᠠᠯᠲᠠ | ᠭᠠᠷᠴᠤ ᠴᠢᠳᠠᠨ᠎ᠠ᠃ ᠡᠨᠡ ᠬᠦ ᠦᠨᠳᠦᠰᠦᠯᠡᠯ ᠤᠨ ᠠᠷᠭ᠎ᠠ ᠶᠢᠨ ᠤᠨᠤᠯ ᠳᠠᠬᠢ ᠬᠡᠷᠡᠭᠯᠡᠯᠲᠡ ᠪᠣᠯ ᠳᠠᠷᠤᠢ ᠬᠡᠷᠡᠭ | ᠪᠣᠳᠠᠰ ᠤᠨ ᠬᠥᠭᠵᠢᠯᠲᠡ ᠶᠢ ᠠᠬᠢᠭᠤᠯᠬᠤ ᠳᠤ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ ᠠᠷᠭ᠎ᠠ ᠪᠤᠳᠤᠯᠭ᠎ᠠ ᠶᠢ | ᠪᠠᠷᠢᠮᠲᠠᠯᠠᠬᠤ ᠶᠠᠪᠤᠳᠠᠯ ᠪᠣᠯᠤᠨ᠎ᠠ᠃ ᠨᠠᠰᠤᠨ ᠤ ᠠᠮᠠᠷᠠᠯᠲᠠ ᠶᠢ ᠬᠤᠢᠰᠢᠯᠠᠭᠤᠯᠬᠤ ᠪᠣᠯ ᠨᠢᠭᠡᠨ ᠬᠤᠯᠪᠣᠭᠳᠠᠬᠤ | ᠬᠡᠪᠴᠢᠶ᠎ᠡ ᠥᠷᠭᠡᠨ ᠠᠰᠠᠭᠤᠳᠠᠯ ᠪᠣᠯᠤᠨ᠎ᠠ᠂ ᠲᠦᠷᠦ ᠶᠢᠨ ᠪᠤᠳᠤᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠬᠤ | ᠶᠠᠪᠤᠴᠠ ᠳᠤ ᠲᠣᠳᠣᠷᠬᠠᠶ ᠣᠪᠣᠷ ᠲᠠᠢ ᠪᠠᠶᠢᠬᠤ ᠬᠡᠷᠡᠭᠲᠡᠶ ᠪᠠᠷ ᠪᠠᠷᠠᠬᠤ ᠦᠭᠡᠢ᠂ ᠠᠯᠬᠤᠮ ᠠᠯᠬᠤᠮ ᠢᠶᠠᠷ ᠡᠮᠬᠢ | ᠵᠢᠷᠤᠮ ᠲᠠᠢ ᠠᠷᠭ᠎ᠠ ᠪᠤᠳᠤᠯᠭ᠎ᠠ ᠶᠢ ᠡᠷᠬᠢᠮᠯᠡᠬᠦ ᠬᠡᠷᠡᠭᠲᠡᠶ᠃ | ᠵᠢᠱᠢᠶᠡᠯᠡᠪᠡᠯ᠂ 2016 ᠣᠨ ᠤ 7 ᠰᠠᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭ᠎ᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ ᠠᠵᠢᠯ ᠠᠴᠠ ᠪᠠᠨ ᠪᠠᠭᠤᠵᠤ ᠠᠮᠠᠷᠠᠬᠤ ᠶᠢ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠲᠠᠨᠢᠯᠴᠠᠭᠤᠯᠬᠤ ᠳᠠᠭᠠᠨ ︽ᠪᠠᠭ᠎ᠠ ᠠᠯᠬᠤᠮ ᠢᠶᠠᠷ ᠠᠯᠭᠤᠷ ᠶᠠᠪᠤᠵᠤ᠂ | ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ︽ᠢᠯᠭᠠᠨ ᠰᠠᠯᠭᠠᠵᠤ᠂ ᠠᠯᠬᠤᠮ ᠬᠤᠪᠢᠶᠠᠨ ᠬᠡᠷᠡᠭᠵᠢᠭᠦᠯᠬᠦ︾ | ᠠᠷᠭ᠎ᠠ ᠪᠣᠳᠣᠯᠭ᠎ᠠ ᠶᠢ ᠪᠣᠳᠣᠯᠬᠢᠯᠠᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃ ᠵᠣᠬᠢᠬᠤ ᠬᠡᠮᠵᠢᠶᠡᠨ ᠳᠤ ᠠᠪᠴᠤ ᠬᠡᠯᠡᠪᠡᠯ᠂ | ᠲᠤᠰ ᠤᠳᠠᠭᠠᠨ ᠤ ︽ᠰᠠᠨᠠᠭᠤᠯᠭ᠎ᠠ︾ ᠳᠤ ᠳᠤᠷᠠᠳᠤᠭᠰᠠᠨ ︽ᠠᠭᠠᠵᠢᠮ ᠢᠶᠠᠷ ᠤᠷᠤᠭᠰᠢᠯᠠᠬᠤ ᠮᠠᠶ᠋ᠢᠭ︾ ᠤᠨ | ᠨᠠᠰᠤᠨ ᠤ ᠠᠮᠠᠷᠠᠯᠲᠠ ᠠᠪᠬᠤ ᠨᠠᠰᠤ ᠵᠢᠯ ᠢ ᠬᠤᠶᠢᠰᠢᠯᠠᠭᠤᠯᠬᠤ ᠳᠤ ᠪᠠᠰᠠ ᠡᠶᠢᠮᠦᠷᠬᠦ ᠪᠣᠳᠣᠯᠬᠢᠯᠠᠯ ᠢ ᠪᠠᠭᠲᠠᠭᠠᠵᠤ᠂ | ᠤᠷᠤᠭᠰᠢᠯᠠᠬᠤ ᠮᠠᠶ᠋ᠢᠭ ᠤᠨ ᠨᠠᠰᠤᠨ ᠤ ᠠᠮᠠᠷᠠᠯᠲᠠ ᠠᠪᠬᠤ ᠨᠠᠰᠤ ᠵᠢᠯ ᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠳᠤ ᠠᠪᠴᠤ ᠪᠠᠶᠢᠭ᠎ᠠ ᠬᠠᠷᠢᠮᠠᠬᠠᠶ ᠴᠢᠨᠠᠷ ᠪᠠ ᠤᠶᠠᠨ ᠬᠠᠳᠠᠨ ᠴᠢᠨᠠᠷ ᠢ ᠭᠦᠢᠴᠡᠳ ᠬᠠᠷᠠᠭᠤᠯᠵᠠᠶ᠃ ᠬᠠᠷᠢᠨ | ᠠᠭᠠᠵᠢᠮ ᠢᠶᠠᠷ ᠤᠷᠤᠭᠰᠢᠯᠠᠬᠤ ᠠᠷᠭ᠎ᠠ ᠪᠣᠳᠣᠯᠭ᠎ᠠ ᠠᠪᠴᠤ ᠪᠠᠶᠢᠭᠠᠨᠢ᠂ ᠲᠥᠷᠥ ᠶᠢᠨ ᠪᠣᠳᠣᠯᠭ᠎ᠠ ᠶᠢ ᠲᠣᠭᠲᠠᠭᠠᠨ | ᠬᠡᠷᠡᠭᠵᠢᠭᠦᠯᠬᠦ ᠲᠣᠰ ᠪᠡᠶ᠎ᠡ ᠨᠢ ᠠᠭᠠᠵᠢᠮ ᠢᠶᠠᠷ ᠠᠬᠢᠬᠤ ᠶᠠᠪᠤᠴᠠ ᠲᠠᠢ ᠬᠤᠯᠪᠤᠭᠳᠠᠬᠤ ᠮᠥᠷᠲᠡᠭᠡᠨ ᠪᠠᠰᠠ ᠬᠥᠮᠦᠰ ᠤᠨ | ᠰᠡᠳᠬᠢᠴᠡ ᠶᠢᠨ ᠬᠦᠯᠢᠶᠡᠨ ᠠᠪᠬᠤ ᠬᠡᠮᠵᠢᠶ᠎ᠡ ᠶᠢᠨ ᠠᠭᠠᠵᠢᠮ ᠢᠶᠠᠷ ᠲᠤᠬᠢᠷᠠᠭᠤᠯᠤᠨ ᠲᠤᠷᠰᠢᠬᠤ ᠱᠠᠭᠠᠷᠳᠠᠯᠭ᠎ᠠ ᠲᠠᠢ | ᠰᠠᠯᠤᠰᠢ ᠥᠬᠡᠶ ᠨᠢᠭᠲᠠ ᠬᠤᠯᠪᠣᠭ᠎ᠠ ᠲᠠᠢ ᠪᠠᠶᠢᠳᠠᠭ᠃ ᠪᠤᠰᠤᠳᠴᠢ ᠪᠠᠷ ᠬᠡᠯᠡᠪᠡᠯ᠂ ᠣᠳᠣᠬᠠᠨ ᠳᠤ ᠬᠥᠮᠦᠨ | ᠠᠮᠠ ᠶᠢᠨ ᠨᠠᠰᠤᠵᠢᠯᠲᠠ ᠶᠢᠨ ᠬᠡᠮᠵᠢᠶ᠎ᠡ ᠶᠢᠨ ᠲᠦᠷᠭᠡᠳᠬᠦ ᠪᠠ ᠲᠥᠷᠥᠯᠲᠡ ᠶᠢᠨ ᠨᠣᠷᠮ᠎ᠠ ᠶᠢᠨ ᠪᠠᠭᠤᠷᠠᠬᠤ ᠶᠢ | ᠳᠠᠭᠠᠯᠳᠤᠨ᠂ ᠬᠥᠮᠦᠰ ᠤᠨ ᠨᠠᠰᠤᠨ ᠤ ᠠᠮᠠᠷᠠᠯᠲᠠ ᠠᠪᠬᠤ ᠶᠢ ᠬᠤᠶᠢᠰᠢᠯᠠᠭᠤᠯᠬᠤ ᠲᠤᠬᠠᠶ ᠲᠠᠨᠢᠯᠲᠠ ᠨᠢᠭᠡᠨᠳᠡ ᠨᠠᠩ | ᠠᠭᠤᠵᠢᠭᠤ ᠪᠣᠯᠵᠣ᠂ ᠨᠠᠩ ᠭᠥᠯᠢᠶᠡᠨ ᠠᠪᠴᠤ ᠴᠢᠳᠠᠬᠤ ᠪᠣᠯᠤᠭᠰᠠᠨ ᠪᠠᠶᠢᠨ᠎ᠠ᠃ ᠲᠦᠷᠦᠭᠦᠬᠡᠨ᠂ ᠲᠦᠩ ᠹᠠᠩ ᠤ | ᠪᠦᠬᠦ ᠳᠡᠯᠡᠬᠡᠶ ᠶᠢᠨ ᠠᠷᠠᠳ ᠤᠨ ᠨᠠᠰᠤᠨ ᠤ ᠪᠠᠶᠠᠷ ᠤᠨ ᠡᠳᠦᠷ ᠴᠢᠩᠬᠤᠸᠠ ᠶᠡᠭᠡ ᠰᠤᠷᠭᠠᠭᠤᠯᠢ ᠶᠢᠨ ᠠᠵᠤ | ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠰᠡᠳᠦᠪ ᠤᠨ ᠳᠤᠭᠤᠶᠢᠯᠠᠩ ᠤᠨ ᠬᠢᠭᠰᠡᠨ | ᠮᠡᠳᠡᠭᠦᠯᠦᠯᠲᠡ ᠠᠴᠠ ᠦᠵᠡᠪᠡᠯ᠂ 2020 ᠤᠨ ᠳᠤ ᠳᠤᠮᠳᠠᠳᠤ ᠤᠯᠤᠰ ᠤᠨ ᠰᠠᠭᠤᠭᠠᠯᠢ ᠠᠷᠠᠳ ᠤᠨ | ᠠᠵᠢᠯ ᠠᠴᠠ ᠪᠠᠨ ᠪᠠᠭᠤᠵᠤ ᠠᠮᠠᠷᠠᠬᠤ ᠪᠡᠯᠡᠳᠬᠡᠯ ᠤᠨ ᠵᠢᠭᠠᠯᠲᠠ ᠲᠤᠭ᠎ᠠ ᠨᠢ 6.23 ᠪᠣᠯᠤᠨ᠎ᠠ᠃ 2019 ᠣᠨ ᠤ | 6.15 ᠲᠠᠢ ᠬᠠᠷᠢᠴᠠᠭᠤᠯᠪᠠᠯ ᠵᠢᠭᠠᠬᠠᠨ ᠳᠡᠭᠡᠭᠰᠢᠯᠡᠵᠡᠶ᠃ ᠡᠭᠦᠨ ᠢ ᠵᠣᠬᠢᠬᠤ ᠬᠡᠮᠵᠢᠶᠡᠨ ᠳᠡᠭᠡᠷ᠎ᠡ ᠲᠣᠳᠣᠷᠬᠠᠶᠢᠯᠠᠵᠤ | ᠪᠠᠶᠢᠨ᠎ᠠ᠃ ᠬᠥᠮᠦᠰ ᠤᠨ ᠨᠠᠰᠤᠨ ᠤ ᠠᠮᠠᠷᠠᠯᠲᠠ ᠠᠪᠬᠤ ᠶᠢ ᠬᠤᠶᠢᠰᠢᠯᠠᠭᠤᠯᠬᠤ ᠲᠤᠬᠠᠶ ᠲᠠᠨᠢᠯᠲᠠ ᠡᠳᠦᠷ ᠢᠷᠡᠬᠦᠶ᠎ᠡ | ᠣᠶᠤᠨᠯᠢᠭ ᠪᠤᠯᠵᠤ᠂ ᠣᠳᠣᠬᠠᠨ ᠳᠤ ᠨᠠᠰᠤᠨ ᠤ ᠠᠮᠠᠷᠠᠯᠲᠠ ᠠᠪᠬᠤ ᠶᠢ ᠠᠭᠠᠵᠢᠮ ᠢᠶᠠᠷ ᠬᠤᠶᠢᠰᠢᠯᠠᠭᠤᠯᠬᠤ | ᠲᠥᠷᠥ ᠶᠢᠨ ᠪᠤᠳᠤᠯᠭ᠎ᠠ ᠠᠪᠬᠤ ᠨᠢ ᠨᠡᠩ ᠰᠠᠶᠢᠨ ᠰᠠᠭᠤᠷᠢ ᠲᠠᠢ ᠪᠣᠯᠵᠠᠶ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ | ᠯᠡ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠠ | ᠲᠣᠬᠢᠶᠠᠯ ᠤᠨ ᠥᠷᠢᠰᠥᠯᠳᠦᠭᠡᠨ ᠵᠡᠷᠭᠡᠪᠡᠷ ᠣᠷᠣᠰᠢᠵᠤ ᠪᠠᠶᠢᠬᠤ ᠶᠢᠨ ᠬᠠᠮᠲᠤ ᠪᠠᠰᠠ ᠰᠢᠨ᠎ᠡ ᠬᠤᠪᠢᠷᠠᠯᠳᠠ ᠭᠠᠷᠬᠤ | ᠪᠣᠯᠤᠨ᠎ᠠ᠃ ᠡᠶᠢᠮᠦ ᠨᠢᠭᠡᠨ ᠲᠦᠪᠡᠭ ᠪᠤᠳᠤᠯᠢᠶᠠᠨᠲᠠᠶ ᠪᠠᠶᠢᠳᠠᠯ ᠤᠨ ᠳᠣᠤᠷ᠎ᠠ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠦᠭᠵᠢᠯᠳᠡ ᠶᠢ ᠲᠦᠯᠬᠢᠨ ᠠᠬᠢᠭᠤᠯᠬᠤ ᠳᠤ ᠵᠠᠶᠢᠯᠠᠰᠢ ᠦᠭᠡᠢ ᠪᠠᠶᠢᠳᠠᠯ ᠢ ᠦᠨᠳᠦᠰᠦᠯᠡᠨ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠲᠣᠭᠲᠠᠭᠠᠯ ᠢ ᠲᠠᠰᠤᠷᠠᠯᠲᠠ ᠦᠭᠡᠢ ᠲᠣᠬᠢᠷᠠᠭᠤᠯᠬᠤ ᠶᠢ ᠱᠠᠭᠠᠷᠳᠠᠵᠤ ᠪᠠᠶᠢᠨ᠎ᠠ᠃ ︽ | ᠰᠠᠨᠠᠭᠤᠯᠭ᠎ᠠ︾ ᠳᠤ ᠬᠠᠤᠯᠢ ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠠᠭᠠᠵᠢᠮ ᠢᠶᠠᠷ | ᠤᠷᠳᠤᠳᠬᠠᠬᠤ ᠶᠢ ᠬᠡᠷᠡᠭᠵᠢᠭᠦᠯᠬᠦ ᠶᠢ ᠳᠤᠷᠠᠳᠴᠤ᠂ ᠶᠠᠭ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠶᠠᠪᠤᠴᠠ ᠳᠠᠬᠢ ᠭᠤᠤᠯᠳᠠᠯᠭ᠎ᠠ ᠲᠠᠢ ᠠᠰᠠᠭᠤᠳᠠᠯ ᠢ ᠠᠷᠭᠠᠴᠠᠭᠠᠬᠤ ᠶᠢᠨ ᠳᠠᠭᠠᠤ ᠬᠢᠭᠰᠡᠨ ᠠᠵᠢᠯᠯᠠᠭ᠎ᠠ ᠪᠣᠯᠬᠤ | ᠪᠥᠭᠡᠳ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠠᠶᠢᠭᠤᠯᠬᠤ ᠳᠤ ᠬᠥᠮᠦᠨ ᠤ | ᠬᠦᠴᠦᠨ ᠤ ᠡᠬᠢ ᠪᠠᠶᠠᠯᠢᠭ ᠤᠨ ᠲᠦᠰᠢᠭ ᠲᠤᠯᠭᠠᠭᠤᠷᠢ ᠬᠠᠩᠭᠠᠵᠤ ᠪᠠᠶᠢᠭ᠎ᠠ ᠶᠤᠮ᠃ ︵ᠵᠣᠬᠢᠶᠠᠭᠴᠢ ᠪᠣᠯ ᠵᠢᠶᠠᠩᠰᠦ | ᠮᠤᠵᠢ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ | ᠰᠤᠳᠤᠯᠭᠠᠨ ᠤ ᠲᠥᠪ ᠵᠢᠶᠠᠩᠰᠦ ᠮᠤᠵᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠠᠭᠤᠷᠢᠨ | ᠭᠠᠵᠠᠷ ᠤᠨ ᠣᠨᠴᠠ ᠤᠷᠢᠭᠰᠠᠨ ᠰᠤᠳᠤᠯᠤᠭᠴᠢ ︶ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |