ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/17
    12 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠸᠠᠩ ᠸᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠤᠳᠤᠷᠢᠳᠤᠯᠭ᠎ᠠ  ᠢᠦᠢ ᠳ᠋ᠠᠶ ᠴᠢᠩ᠂ ᠰᠢᠤᠢ ᠯᠦᠩ᠂ ᠰᠢᠩ ᠮᠢᠩ᠂ ᠦ᠋ ᠶᠦᠨ ᠰᠢᠶᠠ᠂ ᠴᠧᠨ ᠸᠧᠶ᠂ ᡂᠢ ᠵᠢᠶᠠᠨ ᠹᠧᠩ᠂ ᠯᠢ ᠹᠧᠩ ᠱᠤᠸᠠᠩ᠂ ᠵᠠᠩ  ᠸᠧᠨ ᠱᠧᠩ᠂ ᠯᠢ ᠦ᠋ ᠰᠢᠶᠠᠩ᠂ ᠵᠣᠣ ᠷᠦᠢ᠂ ᠱᠢ ᠼᠦᠢ ᠴᠢᠨ ᠬᠤᠷᠠᠯ ᠳᠤ ᠣᠷᠣᠯᠴᠠᠵᠠᠶ᠃
        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ᠂ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ  ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ  ᠹᠧᠩ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠳᠡᠭᠡᠷ᠎ᠡ ᠬᠡᠯᠡᠭᠰᠡᠨ ᠦᠭᠡ ᠶᠢᠨ ᠵᠣᠷᠢᠭ ᠰᠠᠨᠠᠭ᠎ᠠ  ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ᠂ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ ᠤᠳᠠᠭ᠎ᠠ᠂ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ᠂ ᠵᠢᠷᠤᠮᠯᠠᠯ ᠬᠠᠩᠭᠠᠭᠰᠠᠨ ᠪᠠᠶᠢᠨ᠎ᠠ᠃ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠴᠢᠭᠯᠡᠭᠦᠯᠦᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠰᠢᠶᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠰᠢᠨ᠎ᠡ  ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠮᠠᠨ ᠤ ᠰᠢᠶᠠᠨ ᠤ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠴᠢᠬᠤᠯᠠ ᠬᠦᠴᠦᠨ  ᠵᠤᠶᠢᠯ ᠢ ᠤᠯᠠᠮ ᠨᠢᠭᠡ ᠠᠯᠬᠤᠮ ᠨᠡᠶᠢᠳᠬᠡᠵᠦ ᠪᠠᠲᠤᠯᠭ᠎ᠠ ᠶᠢ  ᠴᠢᠩᠭᠠᠳᠬᠠᠨ ᠲᠣᠭᠲᠠᠴᠠ ᠶᠢ  ᠪᠦᠷᠢᠨᠰᠢᠭᠦᠯᠵᠦ᠂ ᠭᠤᠤᠯᠳᠠᠯᠭ᠎ᠠ ᠲᠠᠢ ᠬᠦᠴᠢᠷᠳᠡᠯ ᠲᠠᠢ ᠴᠡᠭ ᠢ ᠣᠨᠢᠯᠠᠵᠤ᠂ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ  ᠰᠢᠢᠳᠪᠤᠷᠢᠳᠦ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ  ᠪᠠᠶᠢᠷᠢᠯᠠᠭᠤᠯᠤᠭᠰᠠᠨ ᠡᠯ᠎ᠡ  ᠵᠤᠶᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠡᠷᠡᠰ ᠰᠠᠶᠢᠲᠤᠷ  ᠨᠠᠶᠢᠳᠠᠪᠤᠷᠢᠵᠢᠭᠤᠯᠵᠤ᠂ ᠮᠠᠨ ᠤ ᠰᠢᠶᠠᠨ ᠳᠤ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ ᠭᠡᠪᠡ᠃ ︵ᠰᠤᠷᠪᠤᠯᠵᠢᠯᠠᠭᠴᠢ ᠱᠠᠩ ᠶᠦᠨ ᠰᠢᠶᠠ   ᠴᠧᠨ ᠢᠦᠶ︶                                                                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                    ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2