ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠠᠤᠯᠢ ᠴᠠᠭᠠᠵᠠ ᠶᠢᠨ ᠲᠤᠪᠴᠢᠶ᠎ᠠ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/3
    ᠤᠶᠢᠷ᠎ᠠ ᠶᠢᠨ ᠡᠳᠦᠷ ᠲᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠠᠤᠯᠢ ᠴᠠᠭᠠᠵᠠ ᠶᠢᠨ ᠲᠤᠪᠴᠢᠶ᠎ᠠ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠦ᠂ ᠨᠠᠮ ᠤᠨ ᠭᠡᠰᠢᠭᠦᠨ ᠺᠠᠳ᠋ᠷ ᠲᠠᠭᠠᠨ ᠠᠮᠢᠳᠤᠯᠢᠭ ᠪᠥᠭᠡᠳ ᠮᠠᠷᠲᠠᠭᠳᠠᠰᠢ ᠦᠭᠡᠢ ᠤᠬᠠᠭᠤᠯᠤᠨ  ᠲᠠᠶᠢᠯᠪᠤᠷᠢᠯᠠᠬᠤ ᠬᠢᠴᠢᠶᠡᠯ ᠣᠷᠣᠵᠤ ᠥᠭᠪᠡ     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠸᠠᠩ ᠸᠧᠢ ᠭᠦᠸᠧ ︽ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ ᠰᠢᠨ᠎ᠡ ᠠᠶᠠᠨ ᠢᠶᠠᠨ ᠡᠬᠢᠯᠡᠭᠦᠯᠦᠶ᠎ᠡ︾ ᠭᠡᠬᠦ ᠰᠡᠳᠦᠪ ᠢᠶᠠᠷ ᠨᠠᠮ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠬᠤᠷᠠᠯᠳᠤᠭᠰᠠᠨ ᠠᠬᠤᠢ ᠪᠠᠶᠢᠳᠠᠯ᠂ ᠭᠤᠣᠯ ᠦᠷ᠎ᠡ ᠪᠦᠲᠦᠭᠡᠯ᠂ ᠲᠤᠭᠤᠷᠪᠢᠭᠰᠠᠨ ᠪᠠᠶᠢᠳᠠᠯ᠂  ᠭᠤᠣᠯ ᠠᠭᠤᠯᠭ᠎ᠠ ᠵᠡᠷᠭᠡ ᠲᠠᠯ᠎ᠠ ᠠᠴᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠳ ᠬᠢᠨᠠᠮᠠᠭᠠᠶ ᠰᠣᠨᠣᠰᠴᠤ᠂ ᠭᠦᠨᠵᠡᠭᠡᠶ ᠣᠶᠢᠯᠠᠭᠠᠵᠤ᠂ ᠰᠠᠨᠠᠯ ᠨᠢᠭᠡᠲᠡᠢ ᠦᠵᠡᠭᠰᠡᠨ ᠨᠢ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠠᠭᠤᠯᠭ᠎ᠠ ᠪᠠᠶᠠᠯᠢᠭ ᠠᠴᠠ ᠺᠠᠳ᠋ᠷ ᠣᠯᠠᠨ ᠲᠦᠮᠡᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠶ ᠣᠶᠢᠯᠠᠭᠠᠵᠠᠶ᠃ ᠪᠦᠬᠦ ᠲᠠᠯ᠎ᠠ  ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠳᠤ  ᠴᠢᠬᠤᠯᠠ ᠵᠢᠯᠣᠭᠤᠳᠬᠤ  ᠤᠶᠢᠯᠡᠳᠤᠯ ᠲᠠᠢ ᠶᠤᠮ᠃     ᠤᠬᠠᠭᠤᠯᠤᠨ ᠲᠠᠶᠢᠯᠪᠤᠷᠢᠯᠠᠬᠤ ᠬᠤᠷᠠᠯ ᠨᠢ ᠬᠠᠤᠯᠢ ᠴᠠᠭᠠᠵᠠ ᠶᠢᠨ ᠲᠣᠪᠴᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠪᠠ᠃ ᠣᠯᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ᠃ ᠬᠠᠤᠯᠢ ᠪᠠᠷ ᠰᠢᠶᠠᠨ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠠᠩᠬᠠᠷᠤᠯ ᠢᠶᠠᠨ  ᠲᠥᠪᠯᠡᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ  ᠴᠢᠩᠭᠠᠳᠬᠠᠬᠤ ᠬᠡᠷᠡᠭᠲᠡᠶ᠃ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃      ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ ᠵᠧᠤ ᠳ᠋ᠡ ᠫᠧᠩ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠠᠶᠠᠯᠢᠭ᠂ ᠵᠠᠳᠠᠯᠤᠯᠲᠠ ᠨᠢ ᠨᠡᠪᠲᠡᠷᠬᠡᠢ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠪᠢᠳᠡᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ  ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠰᠡᠳᠬᠢᠴᠡ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ ᠥᠭᠭᠦᠭᠰᠡᠨ ᠪᠠᠶᠢᠨ᠎ᠠ᠃ ᠬᠤᠷᠠᠯ ᠤᠨ ᠳᠠᠷᠠᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ  ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠬᠥᠳᠡᠯᠭᠡᠬᠦ ᠬᠦᠴᠦᠨ ᠪᠣᠯᠭᠠᠵᠤ᠂ ᠰᠢᠨ᠎ᠡ ᠴᠠᠭ ᠦᠶ᠎ᠡ ᠶᠢᠨ ᠮᠠᠨ ᠤ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠴᠢᠨᠠᠷ ᠰᠠᠶᠢᠲᠠᠶ ᠬᠠᠤᠯᠢ ᠴᠠᠭᠠᠵᠠ ᠶᠢᠨ  ᠤᠶᠢᠯᠡᠴᠢᠯᠡᠭᠡ ᠪᠠᠷ  ᠨᠡᠩ  ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ  ᠭᠡᠪᠡ᠃                         ᠰᠤᠷᠪᠤᠯᠵᠢᠯᠠᠭᠴᠢ  ᠄ ᠱᠠᠩ ᠶᠦᠨ ᠰᠢᠶᠠ                         ᠨᠠᠶᠢᠷᠠᠭᠤᠯᠤᠭᠴᠢ᠄ ᠭᠦᠸᠧ ᠬᠤᠩ ᠰᠢᠶᠠ  ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2