ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠲᠦᠷᠦᠯ ᠵᠤᠶᠢᠯ ᠤᠨ ᠲᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ  ᠪᠠᠶᠢᠴᠠᠭᠠᠯᠳᠡ ᠬᠢᠪᠡ
ᠨᠡᠶᠢᠲᠡᠯᠡᠭᠰᠡᠨ ᠴᠠᠭ᠄
2020/12/3
    ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠪᠦᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠦᠷᠦᠭᠦᠬᠡᠨ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠤᠰᠬᠠᠶ  ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠶᠢᠨ ᠳᠤᠭᠤᠶᠢᠯᠠᠩ  ᠪᠠᠶᠢᠭᠤᠯᠵᠤ᠂ 8 ᠰᠢᠶᠠᠨ ᠤ ᠰᠢᠭᠤᠳ ᠬᠠᠷᠢᠶ᠎ᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠪᠠᠷᠢᠭᠠᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠤᠶᠢᠯ ᠤᠨ ᠲᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠬᠢᠨᠠᠯᠲᠠ ᠲᠠᠯᠪᠢᠵᠤ ᠪᠠᠶᠢᠴᠠᠭᠠᠪᠠ᠃
        ᠡᠨᠡ ᠤᠳᠠᠭᠠᠨ ᠤ ᠬᠢᠨᠠᠨ ᠪᠠᠶᠢᠴᠠᠭᠠᠯᠲᠠ ᠨᠢ ᠭᠤᠤᠯᠳᠠᠭᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠪᠣᠯᠤᠨ ᠳᠦᠷᠢᠮ ᠤᠨ ᠪᠠᠶᠢᠭᠤᠯᠤᠯᠲᠠ  ᠶᠢᠨ ᠲᠤᠬᠠᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ  ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠪᠠᠷ  ᠵᠠᠰᠠᠬᠤ ᠬᠢᠨᠠᠨ ᠬᠠᠷᠭᠤᠭᠤᠯᠬᠤ ᠳᠦᠷᠢᠮ ᠪᠠ ᠭᠤᠷᠪᠠᠨ  ᠵᠤᠶᠢᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ  ᠠᠬᠢᠭᠤᠯᠬᠤ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ  ᠢ ᠬᠢᠨᠠᠨ ᠪᠠᠶᠢᠴᠠᠭᠠᠬᠤ ᠳᠦᠷᠢᠮ ᠵᠡᠷᠭᠡ ᠨᠠᠶᠢᠳᠠᠪᠤᠷᠢᠵᠢᠭᠤᠯᠤᠭᠰᠠᠨ  ᠪᠠᠶᠢᠳᠠᠯ ᠳᠤ ᠬᠢᠨᠠᠯᠲᠠ ᠲᠠᠯᠪᠢᠵᠤ  ᠪᠠᠶᠢᠴᠠᠭᠠᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠰᠣᠨᠣᠰᠬᠤ᠂ ᠠᠵᠢᠯ ᠤᠨ ᠡᠬᠡ ᠳᠠᠩᠰᠠ ᠶᠢ ᠪᠠᠶᠢᠴᠠᠭᠠᠨ ᠦᠵᠡᠬᠦ᠂ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠴᠠᠭᠤᠯᠤᠨ ᠪᠠᠶᠢᠴᠠᠭᠠᠬᠤ ᠠᠭᠤᠯᠭ᠎ᠠ ᠶᠢ ᠴᠢᠩᠳᠠᠯᠠᠵᠤ᠂ ᠨᠢᠭᠡᠴᠡ ᠨᠢᠭᠡᠪᠦᠷᠢ ᠶᠢᠨ ᠬᠠᠤᠯᠢ ᠬᠡᠷᠡᠭᠵᠢᠭᠦᠯᠬᠦ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠲᠠᠷᠠᠭᠠᠬᠢ ᠢᠯᠡ ᠨᠡᠶᠢᠲᠡᠯᠡᠭᠰᠡᠨ  ᠪᠠᠶᠢᠳᠠᠯ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠭᠰᠡᠨ  ᠪᠠᠶᠢᠳᠠᠯ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠤᠭᠰᠠᠨ  ᠪᠠᠶᠢᠳᠠᠯ ᠵᠡᠷᠭᠡ ᠶᠢ  ᠵᠤᠶᠢᠯ ᠳᠠᠷᠠᠭᠠᠯᠠᠨ ᠪᠠᠶᠢᠴᠠᠭᠠᠨ ᠦᠵᠡᠪᠡ᠃ ᠡᠭᠦᠨ ᠤ ᠬᠠᠮᠲᠤ ᠬᠤᠷᠠᠯ ᠳᠤ ᠣᠷᠣᠯᠴᠠᠭᠰᠠᠨ ᠬᠥᠮᠦᠰ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
         ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠭᠠᠷᠳᠠᠴᠠ ᠮᠥᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠪᠠᠲᠤᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠤᠬᠠᠮᠰᠠᠷ ᠠᠴᠠ ᠪᠠᠨ ᠬᠢᠨᠠᠯᠲᠠ  ᠬᠦᠯᠢᠶᠡᠵᠦ᠂ ᠨᠡᠩ ᠢᠯᠡ ᠲᠣᠳᠣ᠂ ᠵᠢᠷᠤᠮᠵᠢᠭᠤᠨ ᠡᠮᠬᠢ ᠵᠢᠷᠤᠮ ᠲᠠᠢ᠂ ᠡᠷᠬᠡ ᠲᠡᠭᠰᠢ ᠥᠨᠳᠥᠷ ᠪᠦᠲᠦᠮᠵᠢᠲᠡᠶ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠬᠤ ᠨᠢ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ  ᠲᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︵ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠩᠭᠠᠭᠰᠠᠨ ᠨᠤᠤᠷᠠᠭ︶                                                                            ᠨᠠᠶᠢᠷᠠᠭᠤᠯᠤᠭᠴᠢ᠄ ᠭᠦᠸᠧ ᠬᠤᠩ ᠰᠢᠶᠠ  ᠡᠤ ᠬᠤᠩ ᠰᠢᠶᠠ                            ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2