ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/3
     ᠤᠶᠢᠷ᠎ᠠ ᠶᠢᠨ ᠡᠳᠦᠷ ᠲᠤ᠂  ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠵᠠᠶ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠳᠡᠭᠡᠷ᠎ᠡ ᠨᠢᠭᠡᠳᠬᠡᠬᠦ ᠶᠢ ᠬᠥᠲᠥᠯᠥᠨ ᠵᠢᠯᠣᠭᠤᠳᠴᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ  ᠵᠤᠶᠢᠯ ᠤᠨ ᠡᠭᠦᠷᠭᠡ ᠶᠢ ᠪᠡᠶᠡᠯᠡᠭᠦᠯᠬᠦ ᠳᠡᠭᠡᠷ᠎ᠡ  ᠲᠦᠪᠯᠡᠷᠡᠭᠦᠯᠬᠦ ᠬᠡᠷᠡᠭᠲᠡᠶ᠃
        ᠮᠡᠳᠡᠭᠦᠯᠦᠯᠲᠡ ᠶᠢᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠰᠢᠩ ᠵᠠᠨ ᠵᠦᠩ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠴᠢᠬᠤᠯᠠ ᠠᠴᠢ ᠬᠤᠯᠪᠣᠭᠳᠠᠯ᠂ ᠠᠰᠢᠭᠲᠠᠶ ᠨᠦᠬᠦᠴᠡᠯ ᠪᠣᠯᠤᠨ ᠴᠢᠬᠤᠯᠠ ᠣᠨᠴᠠᠯᠢᠭ ᠢ ᠭᠦᠨᠵᠡᠭᠡᠶ ᠲᠠᠨᠢᠵᠤ᠂ 2035 ᠤᠨ ᠤ ᠠᠯᠤᠰ ᠤᠨ ᠬᠠᠷᠠᠯᠲᠠ ᠪᠣᠯᠤᠨ ᠠᠷᠪᠠᠨ  ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠶᠢᠨ  ᠵᠢᠯᠤᠭᠤᠳᠬᠤ ᠴᠢᠭᠯᠡᠯᠲᠡ᠂ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠵᠡᠷᠭᠡ ᠲᠠᠯ᠎ᠠ ᠶᠢ ᠣᠨᠣᠪᠴᠢᠲᠠᠶ ᠡᠵᠡᠮᠰᠢᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠭᠰᠠᠨ ᠪᠠ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠨᠥᠬᠦᠳ ᠰᠠᠨᠠᠯ ᠨᠢᠭᠡᠲᠡᠢ ᠦᠵᠡᠭᠰᠡᠨ ᠨᠢ᠂ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠤᠭᠳᠠᠬᠤᠨ ᠨᠢ ᠪᠠᠶᠠᠯᠢᠭ᠂ ᠮᠠᠰᠢ ᠴᠢᠩᠭ᠎ᠠ ᠤᠨᠤᠯ ᠤᠨ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠶ ᠣᠶᠢᠯᠠᠭᠠᠬᠤ ᠪᠠ ᠪᠥᠬᠦᠳᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠣᠨᠣᠪᠴᠢᠲᠠᠶ  ᠡᠵᠡᠮᠰᠢᠬᠦ ᠳᠤ ᠴᠢᠬᠤᠯᠠ ᠵᠢᠯᠣᠭᠤᠳᠬᠤ  ᠤᠶᠢᠯᠡᠳᠤᠯ ᠲᠠᠢ ᠶᠤᠮ᠃
     ᠮᠡᠳᠡᠭᠦᠯᠦᠯᠲᠡ ᠶᠢᠨ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠨᠠᠶᠢᠳᠠᠪᠤᠷᠢᠵᠢᠭᠤᠯᠤᠯᠲᠠ ᠶᠢ  ᠠᠬᠢᠭᠤᠯᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ  ᠲᠤᠬᠠᠢ ᠶᠢᠨ ᠠᠵᠢᠯ ᠲᠠᠢ ᠪᠠᠨ‌ᠤᠶᠠᠯᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠰᠢᠢᠳᠪᠤᠷᠢᠳᠦ ᠢᠯᠠᠯᠲᠠ ᠣᠯᠬᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠤᠷᠢᠳᠦ ᠳᠠᠶᠢᠯᠠᠯᠳᠤᠭᠠᠨ ᠲᠠᠢ ᠤᠶᠠᠯᠳᠤᠭᠤᠯᠤᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠥᠬᠦ ᠬᠦᠴᠦ  ᠪᠠᠷ ᠢᠶᠠᠨ ᠴᠢᠷᠮᠠᠶᠢᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ  ᠭᠡᠪᠡ᠃                           ᠰᠤᠷᠪᠤᠯᠵᠢᠯᠠᠭᠴᠢ᠄  ᠸᠠᠩ ᠪᠢᠨ   ᠸᠠᠩ ᠭᠦᠸᠧ ᠵᠢᠶᠦ᠋ᠨ                           ᠨᠠᠶᠢᠷᠠᠭᠤᠯᠤᠭᠴᠢ᠄ ᠭᠦᠸᠧ ᠬᠤᠩ ᠰᠢᠶᠠ  ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2