ᠯᠢᠶᠠᠩᠴᠧᠩ ᠰᠢᠶᠠᠨ ᠤ ᠬᠢᠮᠳᠠ ᠲᠣᠬᠢᠯᠢᠭ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ ᠳᠦᠷᠢᠮ
ᠨᠡᠶᠢᠲᠡᠯᠡᠭᠰᠡᠨ ᠴᠠᠭ᠄
2020/12/8
        ᠨᠢᠭᠡᠳᠦᠭᠡᠷ ᠪᠦᠯᠦᠭ    ᠶᠡᠷᠦᠩᠬᠡᠢ ᠲᠦᠷᠢᠮ     ᠨᠢᠭᠡᠳᠦᠭᠡᠷ ᠵᠤᠶᠢᠯ ᠯᠢᠶᠠᠩᠴᠧᠩ ᠰᠢᠶᠠᠨ ᠤ ᠬᠢᠮᠳᠠ ᠲᠣᠬᠢᠯᠢᠭ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ  ᠂ ︽ᠬᠤᠲᠠ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ  ᠰᠢᠢᠳᠪᠤᠷᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ ᠤᠯᠤᠰ ᠲᠠᠷᠬᠠᠭᠠᠭᠰᠠᠨ ﹇2007﹈ 24  ᠳ᠋ᠦ᠋ᠭᠡᠷ ᠲᠣᠭᠠᠲᠤ︶᠂ ︽ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠪᠦᠲᠦᠭᠡᠨ ᠪᠠᠶᠢᠭᠤᠯᠬᠤ ᠣᠷᠣᠨ ᠰᠠᠭᠤᠴᠠ 258 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠶ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠎ᠡ᠃ ᠲᠡᠷᠡᠴᠢᠯᠡᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠬᠡᠷᠡᠭᠵᠢᠭᠦᠯᠬᠦ ᠨᠠᠷᠢᠨ ᠳᠦᠷᠢᠮ ᠢ ᠣᠨᠴᠠᠭᠠᠶᠢᠯᠠᠨ ᠲᠣᠭᠲᠠᠭᠠᠪᠠ᠃     ᠬᠤᠶᠠᠳᠤᠭᠠᠷ ᠵᠦᠢᠯ ᠲᠣᠰ ᠬᠡᠷᠡᠭᠵᠢᠭᠦᠯᠬᠦ ᠨᠠᠷᠢᠨ ᠳᠦᠷᠢᠮ ᠳᠤ ᠬᠡᠯᠡᠵᠦ  ᠪᠠᠶᠢᠭ᠎ᠠ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ ᠂ ᠢᠵᠢ ᠬᠡᠯᠪᠡᠷᠢ ᠶᠢᠨ ᠲᠠᠯᠠᠪᠠᠢ ᠪᠣᠯᠤᠨ ᠪᠣᠷᠣᠯᠠᠭᠤᠯᠬᠤ ᠦᠨ᠎ᠡ ᠶᠢ ᠬᠢᠵᠠᠭᠠᠷᠯᠠᠨ ᠲᠣᠭᠲᠠᠭᠠᠵᠤ᠂ ᠵᠦᠶ ᠵᠣᠬᠢᠰᠲᠠᠶ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠵᠤ᠂ ᠬᠤᠲᠠ ᠶᠢᠨ ᠣᠷᠣᠯᠭ᠎ᠠ ᠪᠠᠭᠠᠲᠠᠶ ᠣᠷᠣᠨ  ᠰᠠᠭᠤᠴᠠ ᠬᠦᠴᠢᠷᠳᠡᠯᠲᠡᠶ ᠭᠡᠷ ᠪᠦᠯᠢ ᠳᠤ ᠬᠠᠨᠳᠤᠭᠤᠯᠤᠨ ᠬᠠᠩᠭᠠᠵᠤ᠂ ᠪᠠᠲᠤᠯᠠᠭ᠎ᠠ ᠶᠢᠨ ᠰᠢᠨᠵᠢ ᠴᠢᠨᠠᠷ ᠪᠦᠬᠦᠢ ᠲᠥᠷᠥ  ᠶᠢᠨ ᠪᠣᠳᠣᠯᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ᠎ᠠ᠃     ᠲᠤᠰ ᠬᠡᠷᠡᠭᠵᠢᠭᠦᠯᠬᠦ ᠨᠠᠷᠢᠨ ᠳᠦᠷᠢᠮ ᠳᠤ ᠬᠡᠯᠡᠵᠦ  ᠪᠠᠶᠢᠭ᠎ᠠ ᠬᠤᠲᠠ ᠶᠢᠨ ᠣᠷᠣᠯᠭ᠎ᠠ ᠪᠠᠭᠠᠲᠠᠶ ᠣᠷᠣᠨ ᠰᠠᠭᠤᠴᠠ ᠨᠢ ᠬᠦᠴᠢᠷᠳᠡᠯᠲᠡᠶ ᠭᠡᠷ ᠪᠦᠯᠢ ᠬᠤᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠪᠠᠯᠭᠠᠰᠤᠨ ᠤ ᠬᠡᠪᠴᠢᠶᠡᠨ ᠳᠣᠲᠣᠷ᠎ᠠ ᠭᠡᠷ ᠪᠦᠯᠢ ᠶᠢᠨ ᠣᠷᠣᠯᠭ᠎ᠠ᠂ ᠣᠷᠣᠨ ᠰᠠᠭᠤᠴᠠ ᠶᠢᠨ ᠪᠠᠶᠢᠳᠠᠯ ᠵᠡᠷᠭᠡ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷ ᠪᠦᠯᠢ ᠶᠢ ᠵᠢᠭᠠᠵᠤ ᠪᠠᠶᠢᠨ᠎ᠠ᠃      ᠭᠤᠷᠪᠠᠳᠤᠭᠠᠷ ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠳᠦᠷᠢᠮ ᠪᠣᠯ ᠬᠤᠲᠠ ᠶᠢᠨ ᠣᠷᠣᠯᠭ᠎ᠠ  ᠪᠠᠭᠠᠳᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠤᠷᠢᠯᠡᠬᠦ ᠲᠥᠷᠥ ᠶᠢᠨ ᠪᠣᠳᠣᠯᠭ᠎ᠠ ᠶᠢᠨ  ᠰᠢᠰᠲ᠋ᠧᠮ ᠤᠨ ᠪᠦᠷᠢᠯᠳᠦᠬᠦᠨ ᠬᠡᠰᠡᠭ ᠪᠣᠯᠤᠨ᠎ᠠ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠠᠩᠭᠠᠬᠤ ᠡᠲᠡᠭᠡᠳ ᠢ ᠬᠢᠮᠳᠠ ᠲᠦᠷᠢᠶᠡᠰᠦᠲᠦ ᠣᠷᠣᠨ ᠰᠠᠭᠤᠴᠠ ᠶᠢᠨ  ᠪᠠᠳᠤᠯᠠᠭ᠎ᠠ ᠶᠢᠨ ᠡᠲᠡᠭᠡᠳ ᠯᠦᠭᠡ ᠵᠣᠯᠭᠠᠯᠳᠤᠭᠤᠯᠬᠤ ᠬᠡᠷᠡᠭᠲᠡᠶ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠠᠩᠭᠠᠯᠭ᠎ᠠ᠂ ᠬᠡᠷᠡᠭᠯᠡᠯᠲᠡ ᠵᠢᠴᠢ ᠬᠢᠨᠠᠯᠲᠠ ᠬᠠᠮᠢᠶᠠᠷᠤᠯᠲᠠ ᠨᠢ ᠲᠣᠰ ᠬᠡᠷᠡᠭᠵᠢᠭᠦᠯᠬᠦ ᠨᠠᠷᠢᠨ ᠳᠦᠷᠢᠮ  ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠬᠥᠭᠵᠢᠭᠦᠯᠬᠦ ᠳᠤ ᠤᠯᠤᠰ ᠠᠴᠠ  ᠨᠢᠭᠡᠳᠦᠯᠳᠠᠢ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠤᠷ᠎ᠠ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ  ᠲᠤᠬᠢᠷᠠᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠨᠡᠶᠢᠭᠡᠮ ᠤᠨ ᠬᠢᠨ ᠣᠷᠣᠯᠴᠠᠬᠤ ᠬᠡᠷᠡᠭᠲᠡᠶ᠃ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ  ᠪᠠᠶᠢᠳᠠᠯ ᠪᠠ ᠣᠷᠣᠯᠭ᠎ᠠ ᠶᠢᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢᠨ ᠬᠠᠷᠠᠯᠲᠠ᠂ ᠪᠦᠲᠦᠭᠡᠨ  ᠪᠠᠶᠢᠭᠤᠯᠬᠤ ᠪᠠᠷᠢᠮᠵᠢᠶ᠎ᠠ᠂ ᠬᠠᠩᠭᠠᠬᠤ ᠬᠡᠪᠴᠢᠶ᠎ᠡ ᠪᠠ ᠬᠠᠩᠭᠠᠬᠤ ᠡᠲᠡᠭᠡᠳ ᠵᠡᠷᠭᠡ ᠶᠢ ᠵᠦᠶ ᠵᠣᠬᠢᠰᠲᠠᠶ ᠲᠣᠭᠲᠠᠭᠠᠵᠤ᠂ ᠡᠭᠦᠨ ᠤ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃       ᠲᠠᠪᠤᠳᠤᠭᠠᠷ  ᠵᠤᠶᠢᠯ ᠲᠦᠷᠦ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢ  ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠪᠤᠶᠤ ᠭᠡᠷ ᠪᠠᠶᠢᠰᠢᠩ  ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ︽ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ︵ᠦᠨ᠎ᠡ ᠬᠠᠩᠰᠢ︶᠂ ᠬᠢᠨᠠᠨ  ᠪᠠᠶᠢᠴᠠᠭᠠᠬᠤ᠂ ᠡᠳ᠋ ᠤᠨ ᠵᠠᠰᠠᠭ᠂ ᠤᠯᠤᠰ  ᠤᠨ ᠭᠠᠵᠠᠷ ᠰᠢᠷᠣᠶ ᠡᠬᠢ ᠪᠠᠶᠠᠯᠢᠭ᠂ ᠭᠠᠶᠢᠯᠢ ᠶᠢᠨ ᠶᠠᠪᠤᠳᠠᠯ ᠵᠢᠴᠢ  ᠮᠦᠩᠭᠦᠨ ᠭᠦᠢᠯᠭᠡᠭᠡᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ  ᠬᠤᠪᠢᠶᠠᠷᠢᠯᠡᠯ ᠢᠶᠠᠨ ᠦᠨᠳᠦᠰᠦᠯᠡᠨ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ᠵᠢᠷᠭᠤᠳᠤᠭᠠᠷ ᠵᠦᠢᠯ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠲᠠ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠶ᠋ᠳᠪᠦᠷᠢᠯᠡᠬᠦ ᠲᠥᠯᠥᠪᠵᠢᠭᠦᠯᠪᠡ ᠪᠠ ᠤᠨ ᠲᠥᠯᠥᠪᠯᠡᠭᠡ ᠳᠡᠭᠡᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠲᠥᠷᠥᠯ ᠵᠦᠢᠯ ᠤᠨ ᠪᠠᠶᠢᠷᠢᠯᠠᠭᠤᠯᠤᠯᠲᠠ ᠪᠠ ᠭᠠᠵᠠᠷ ᠬᠡᠷᠡᠭᠯᠡᠬᠦ ᠲᠣᠬᠢᠷᠠᠭᠤᠯᠤᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠡᠭᠦᠨ ᠤ ᠬᠠᠮᠲᠤ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥ ᠪᠵᠢᠭᠦᠯᠭᠡ ᠪᠣᠯᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃          ᠬᠤᠶᠠᠳᠤᠭᠠᠷ ᠪᠦᠯᠦᠭ     ᠬᠠᠷᠠᠭᠠᠯᠵᠠᠯ  ᠪᠠ ᠳᠡᠮᠵᠢᠯᠭᠡ ᠶᠢᠨ ᠲᠦᠷᠦ ᠶᠢᠨ ᠪᠤᠳᠤᠯᠭ᠎ᠠ    ᠳᠣᠯᠣᠳᠤᠭᠠᠷ ᠵᠤᠶᠢᠯ  ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶ᠋ᠢᠭ ᠢᠶᠠᠷ ᠬᠠᠩᠭᠠᠨ᠎ᠠ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠤᠬᠠᠶ  ᠶᠢᠨ ᠭᠠᠵᠠᠷ ᠤᠨ  ᠭᠠᠵᠠᠷ ᠰᠢᠷᠣᠶ ᠬᠠᠩᠭᠠᠬᠤ ᠲᠥᠯᠥᠪᠯᠡᠭᠡ ᠳᠤ ᠣᠷᠣᠭᠤᠯᠵᠤ᠂ ᠬᠡᠷᠡᠭᠯᠡᠬᠦ ᠭᠠᠵᠠᠷ ᠰᠢᠷᠣᠶ ᠶᠢᠨ  ᠭᠦᠢᠴᠡᠳᠭᠡᠯ ᠲᠤᠭ᠎ᠠ ᠶᠢ ᠮᠡᠳᠡᠭᠦᠯᠬᠦ ᠳᠡᠭᠡᠨ ᠲᠤᠰᠠᠭᠠᠷ ᠵᠢᠭᠰᠠᠭᠠᠵᠤ᠂  ᠤᠷᠢᠳᠠᠪᠠᠷ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠨᠠᠢᠮᠠᠳᠤᠭᠠᠷ ᠵᠤᠶᠢᠯ ᠠᠵᠤ ᠠᠬᠤᠶ ᠶᠢᠨ ᠬᠡᠷᠡᠭᠯᠡᠭᠡᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠤᠶᠢᠯ ᠳᠤ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ  ᠰᠤᠶᠢᠳᠭᠡᠯ ᠵᠡᠷᠭᠡ ᠡᠯ᠎ᠡ  ᠵᠤᠶᠢᠯ ᠤᠨ ᠵᠠᠰᠠᠭ ᠵᠠᠬᠢᠷᠭᠠᠨ ᠠᠵᠢᠯ  ᠤᠶᠢᠯᠡᠰ ᠤᠨ ᠴᠢᠨᠠᠷᠲᠠᠶ  ᠰᠤᠶᠢᠳᠭᠡᠯ ᠬᠤᠷᠢᠶᠠᠬᠤ ᠪᠠ ᠵᠠᠰᠠᠭ ᠤᠨ ᠣᠷᠳᠣᠨ ᠤ  ᠴᠢᠨᠠᠷᠳᠠᠢ ᠰᠠᠭᠤᠷᠢ ᠮᠥᠩᠭᠦ ᠶᠢ ᠬᠡᠯᠲᠦᠷᠢᠭᠦᠯᠬᠦ ᠬᠡᠷᠡᠭᠲᠡᠶ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠲᠥᠷᠥᠯ  ᠵᠤᠶᠢᠯ ᠤᠨ ᠭᠠᠳᠠᠨᠠᠬᠢ ᠰᠠᠭᠤᠷᠢ ᠪᠡᠯᠡᠳᠬᠡᠮᠵᠢ ᠶᠢᠨ  ᠪᠦᠳᠦᠭᠡᠨ ᠪᠠᠶᠢᠭᠤᠯᠤᠯᠲᠠ ᠶᠢᠨ ᠵᠠᠷᠤᠳᠠᠯ  ᠢ ᠵᠠᠰᠠᠭ ᠤᠨ ᠣᠷᠳᠣᠨ ᠠᠴᠠ ᠡᠭᠦᠷᠭᠡᠯᠡᠨ᠎ᠡ᠃      ᠶᠢᠰᠦᠳᠦᠭᠡᠷ  ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠶᠢᠨ ᠨᠣᠷᠮ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠠᠷᠪᠠᠳᠤᠭᠠᠷ  ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ  ᠬᠠᠩᠭᠠᠯᠭ᠎ᠠ ᠳᠤ ᠤᠯᠤᠰ ᠠᠴᠠ ᠲᠣᠭᠲᠠᠭᠠᠭᠰᠠᠨ ᠡᠯ᠎ᠡ  ᠵᠤᠶᠢᠯ ᠤᠨ ᠭᠠᠶᠢᠯᠢ  ᠰᠤᠶᠢᠳᠭᠡᠯ ᠤᠨ ᠬᠠᠷᠠᠭᠠᠯᠵᠠᠯ ᠤᠨ ᠲᠥᠷᠥ ᠶᠢᠨ  ᠪᠤᠳᠤᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠠᠷᠪᠠᠨ ᠨᠢᠭᠡᠳᠦᠭᠡᠷ ᠵᠦᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠨᠡᠷ᠎ᠡ ᠪᠠᠷ ᠬᠤᠪᠢᠶᠠᠷᠢᠯᠠᠨ  ᠦᠭᠬᠦ ᠭᠠᠵᠠᠷ ᠰᠢᠷᠣᠢ ᠣᠯᠬᠤ ᠶᠢ ᠴᠢᠩᠭ᠎ᠠ ᠴᠠᠭᠠᠵᠠᠯᠠᠭᠰᠠᠨ ᠤ ᠳᠠᠷᠠᠭ᠎ᠠ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠮᠥᠩᠭᠦ ᠶᠢ ᠨᠥᠬᠦᠵᠦ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠦᠭᠦᠯᠦᠨ ᠲᠠᠸᠠᠷ ᠤᠨ ᠭᠡᠷ ᠪᠠᠶᠢᠰᠢᠩ ᠢ ᠨᠡᠭᠡᠭᠡᠨ ᠬᠥᠭᠵᠢᠭᠦᠯᠬᠦ ᠬᠡᠷᠡᠭᠲᠡᠶ᠃         ᠭᠤᠷᠪᠠᠳᠤᠭᠠᠷ ᠪᠦᠯᠦᠭ   ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ    ᠠᠷᠪᠠᠨ ᠬᠤᠶᠠᠳᠤᠭᠠᠷ ᠵᠤᠶᠢᠯ ᠬᠢᠮᠳᠠ ᠲᠣᠬᠢᠯᠢᠭ ᠣᠷᠣᠨ ᠰᠠᠭᠤᠴᠠ ᠶᠢ ᠨᠢᠭᠡᠳᠦᠯᠲᠡᠶ ᠲᠥᠯᠥᠪᠵᠢᠭᠦᠯᠦᠨ᠂ ᠵᠦᠶ  ᠵᠤᠬᠢᠰᠳᠠᠢ ᠪᠠᠶᠢᠷᠢᠯᠠᠭᠤᠯᠵᠤ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠣᠷᠣᠯᠭ᠎ᠠ ᠪᠠᠭᠠᠲᠠᠶ ᠣᠷᠣᠨ ᠰᠠᠭᠤᠴᠠ ᠪᠠᠷ ᠬᠦᠴᠢᠷᠳᠡᠯᠲᠡᠶ ᠭᠡᠷ ᠪᠦᠯᠢ ᠶᠢᠨ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠤᠨ ᠱᠠᠭᠠᠷᠳᠠᠯᠭ᠎ᠠ ᠶᠢ  ᠭᠦᠢᠴᠡᠳ ᠪᠣᠳᠣᠯᠬᠢᠯᠠᠨ᠂ ᠣᠷᠣᠨ ᠪᠠᠶᠢᠷᠢ ᠶᠢᠨ ᠪᠠᠶᠢᠷᠢᠯᠠᠭᠤᠯᠤᠯᠲᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃    ᠠᠷᠪᠠᠨ ᠭᠤᠷᠪᠠᠳᠤᠭᠠᠷ ᠵᠦᠢᠯ ᠲᠠᠸᠠᠷ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠬᠢᠮᠳᠠ ᠲᠣᠬᠢᠯᠢᠭ ᠣᠷᠣᠨ  ᠰᠠᠭᠤᠴᠠ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ  ᠪᠠᠶᠢᠪᠠᠯ᠂ ᠲᠥᠷᠥᠯ ᠵᠦᠢᠯ ᠢ ᠰᠢᠯᠵᠢᠭᠦᠯᠦᠨ ᠥᠭᠬᠦ ᠨᠥᠬᠦᠴᠡᠯ ᠳᠤᠮᠳᠠ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠳᠡ ᠶᠢᠨ ᠶᠡᠷᠦᠩᠬᠡᠶ ᠲᠠᠯᠠᠪᠠᠢ᠂ ᠳᠠᠩ ᠢᠵᠢ ᠪᠠᠷᠢᠯᠭ᠎ᠠ ᠶᠢᠨ ᠲᠠᠯᠠᠪᠠᠢ᠂ ᠢᠵᠢ ᠪᠦᠷᠢᠳᠦᠭᠦᠯᠬᠦ ᠲᠤᠭ᠎ᠠ᠂ ᠢᠵᠢ ᠪᠦᠷᠢᠳᠦᠭᠦᠯᠬᠦ ᠬᠠᠷᠢᠴᠠᠯ᠂ ᠪᠦᠲᠦᠭᠡᠨ ᠪᠠᠶᠢᠭᠤᠯᠬᠤ ᠪᠠᠷᠢᠮᠵᠢᠶ᠎ᠠ ᠵᠢᠴᠢ ᠪᠠᠶᠢᠭᠤᠯᠵᠤ ᠳᠠᠭᠤᠰᠤᠭᠰᠠᠨ ᠤ  ᠲᠠᠷᠠᠭ᠎ᠠ ᠰᠢᠯᠵᠢᠭᠦᠯᠦᠨ ᠲᠤᠰᠢᠶᠠᠬᠤ ᠪᠤᠶᠤ ᠡᠭᠡᠭᠦᠯᠦᠨ ᠬᠤᠳᠠᠯᠳᠤᠨ ᠠᠪᠬᠤ ᠵᠡᠷᠭᠡ  ᠵᠤᠶᠢᠯᠡᠰ ᠢ ᠲᠣᠳᠣᠷᠬᠠᠶᠢᠯᠠᠬᠤ ᠶᠢᠨ ᠬᠠᠮᠲᠤ ᠭᠡᠷ᠎ᠡ ᠶᠢᠨ ᠠᠷᠭ᠎ᠠ ᠮᠠᠶ᠋ᠢᠭ ᠢᠶᠠᠷ ᠪᠣᠯᠵᠣᠨ ᠲᠣᠭᠲᠠᠬᠤ ᠬᠡᠷᠡᠭᠲᠡᠶ᠃    ᠠᠷᠪᠠᠨ ᠳᠥᠷᠪᠡᠳᠦᠭᠡᠷ  ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠳᠠᠩ ᠢᠵᠢ ᠶᠢᠨ ᠪᠠᠷᠢᠯᠭ᠎ᠠ ᠶᠢᠨ ᠲᠠᠯᠠᠪᠠᠢ ᠶᠢ 60 ᠲᠡᠭᠰᠢ ᠳᠥᠷᠪᠡᠯᠵᠢᠨ ᠮᠧᠲᠷ ᠣᠷᠴᠢᠮ ᠳᠤ ᠬᠢᠵᠠᠭᠠᠷᠯᠠᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ  ᠬᠡᠮᠵᠢᠶ᠎ᠡ᠂ ᠣᠯᠠᠨ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ᠂ ᠣᠷᠣᠨ ᠰᠠᠭᠤᠴᠠ ᠶᠢᠨ  ᠪᠠᠶᠢᠳᠠᠯ᠂ ᠭᠡᠷ ᠪᠦᠯᠢ ᠶᠢᠨ ᠪᠦᠲᠦᠴᠡ ᠪᠠ ᠬᠥᠮᠦᠨ ᠠᠮᠠ ᠵᠡᠷᠭᠡ ᠬᠦᠴᠦᠨ ᠵᠦᠢᠯ ᠢ ᠦᠨᠳᠦᠰᠦᠯᠡᠨ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠣᠯᠤᠨ ᠡᠯ᠎ᠡ  ᠵᠤᠶᠢᠯ ᠤᠨ ᠢᠵᠢ ᠬᠡᠯᠪᠡᠷᠢ ᠶᠢᠨ ᠬᠠᠷᠢᠴᠠᠯ ᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠴᠢᠩᠭ᠎ᠠ ᠬᠠᠮᠢᠶᠠᠷᠬᠤ  ᠬᠡᠷᠡᠭᠳᠡᠢ᠃   ᠠᠷᠪᠠᠨ ᠲᠠᠪᠤᠳᠤᠭᠠᠷ ᠵᠦᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠵᠠᠷᠴᠢᠮ ᠶᠣᠰᠣᠭᠠᠷ᠂ ᠲᠥᠷᠥᠯ  ᠵᠤᠶᠢᠯ ᠤᠨ ᠬᠠᠤᠯᠢ ᠶᠢᠨ ᠡᠷᠬᠡᠲᠡᠨ ᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ᠂  ᠵᠤᠬᠢᠴᠠᠩᠭᠤᠢ ᠬᠢᠷᠢ ᠬᠡᠮ ᠪᠠ ᠨᠡᠶᠢᠭᠡᠮ ᠤᠨ ᠰᠠᠶᠢᠨ ᠰᠠᠶᠢᠬᠠᠨ ᠬᠠᠷᠢᠭᠤᠴᠠᠯᠭ᠎ᠠ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠰᠣᠩᠭᠤᠨ ᠬᠡᠷᠡᠭᠵᠢᠭᠦᠯᠵᠦ ᠪᠣᠯᠤᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ  ᠬᠠᠮᠢᠶᠠᠷᠤᠯᠳᠡ ᠶᠢ ᠬᠡᠷᠡᠭᠵᠢᠭᠦᠯᠬᠦ ᠪᠠᠶᠢᠭᠤᠯᠤᠮᠵᠢ ᠰᠢᠭᠤᠳ ᠵᠣᠬᠢᠶᠠᠨ ᠪᠠᠶᠢᠭᠤᠯᠵᠤ ᠪᠠᠶᠢᠭᠤᠯᠤᠭᠰᠠᠨ ᠴᠤ ᠪᠣᠯᠤᠨ᠎ᠠ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠤᠯᠤᠰ  ᠤᠨ  ᠦᠮᠴᠢᠯᠠᠯᠳᠤ ᠲᠣᠮᠣ ᠬᠡᠯᠪᠡᠷᠢ ᠶᠢᠨ ᠨᠢᠷᠤᠭᠤᠪᠴᠢ ᠪᠠᠷᠢᠯᠭ᠎ᠠ ᠶᠢᠨ ᠠᠵᠤ ᠠᠬᠤᠶᠢᠯᠠᠯ ᠤᠨ ᠢᠳᠡᠪᠬᠢ  ᠤᠶᠢᠯᠡᠳᠤᠯ ᠢ ᠪᠠᠳᠠᠷᠠᠭᠤᠯᠬᠤ ᠶᠢ  ᠴᠢᠬᠤᠯᠠᠴᠢᠯᠠᠬᠤ ᠬᠡᠷᠡᠭᠲᠡᠶ᠃    ᠠᠷᠪᠠᠨ ᠵᠢᠷᠭᠤᠳᠤᠭᠠᠷ  ᠵᠤᠶᠢᠯ ᠬᠢᠮᠳᠠ ᠲᠣᠬᠢᠯᠢᠭ ᠣᠷᠣᠨ ᠰᠠᠭᠤᠴᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠪᠠ  ᠪᠦᠳᠦᠭᠡᠨ ᠪᠠᠶᠢᠭᠤᠯᠤᠯᠲᠠ ᠳᠤ ᠡᠷᠬᠡᠪᠰᠢ ᠡᠨᠧᠷᠭᠢ ᠠᠷᠪᠢᠯᠠᠵᠤ ᠭᠠᠵᠠᠷ ᠰᠢᠷᠣᠶ ᠠᠷᠪᠢᠯᠠᠵᠤ ᠣᠷᠴᠢᠨ ᠠᠬᠤᠶ ᠶᠢ  ᠬᠠᠮᠠᠭᠠᠯᠠᠬᠤ ᠬᠡᠯᠪᠡᠷᠢ ᠶᠢᠨ ᠣᠷᠣᠨ ᠰᠠᠭᠤᠴᠠ ᠶᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ︽ᠣᠷᠣᠨ ᠰᠠᠭᠤᠴᠠ ᠶᠢᠨ ᠪᠠᠷᠢᠯᠭ᠎ᠠ ᠶᠢᠨ ᠵᠢᠷᠤᠮᠵᠢᠯ︾ ᠵᠡᠷᠭᠡ ᠤᠯᠤᠰ  ᠤᠨ ᠬᠤᠯᠪᠣᠭᠳᠠᠯ ᠪᠦᠬᠦᠢ ᠣᠷᠣᠨ ᠰᠠᠭᠤᠴᠠ  ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠥᠷᠢᠰᠦᠯᠳᠦᠬᠦ ᠠᠷᠭ᠎ᠠ ᠮᠠᠶ᠋ᠢᠭ ᠢ ᠠᠪᠴᠤ ᠪᠠᠶᠢᠭᠠᠳ ᠲᠥᠯᠥᠪᠵᠢᠭᠦᠯᠪᠡ ᠵᠢᠷᠤᠭ ᠲᠥᠯᠥᠪᠯᠡᠭᠡ ᠶᠢᠨ ᠲᠥᠰᠦᠯ ᠢ ᠰᠢᠯᠢᠳᠡᠭᠴᠢᠯᠡᠨ ᠰᠣᠩᠭᠤᠵᠤ᠂ ᠨᠡᠯᠢᠶᠡᠳ ᠪᠠᠭ᠎ᠠ ᠢᠵᠢ ᠬᠡᠯᠪᠡᠷᠢ ᠳᠣᠲᠣᠷ᠎ᠠ ᠦᠨᠳᠦᠰᠦᠨ ᠬᠡᠷᠡᠭᠯᠡᠬᠦ  ᠴᠢᠳᠠᠮᠵᠢ ᠶᠢ ᠪᠡᠶᠡᠯᠡᠭᠦᠯᠬᠦ ᠬᠡᠷᠡᠭᠲᠡᠶ᠃ ᠲᠡᠷᠢᠭᠦᠨ ᠤ᠂ ᠪᠣᠯᠪᠠᠰᠤᠷᠠᠩᠭᠤᠶ᠂ ᠲᠣᠬᠢᠷᠠᠮᠵᠢᠲᠠᠶ᠂ ᠠᠮᠤᠷ ᠲᠦᠪᠰᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃    ᠠᠷᠪᠠᠨ ᠳᠣᠯᠣᠳᠤᠭᠠᠷ  ᠵᠤᠶᠢᠯ ᠬᠢᠮᠳᠠ ᠲᠣᠬᠢᠯᠢᠭ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠬᠢᠮᠳᠠ ᠲᠣᠬᠢᠯᠢᠭ ᠣᠷᠣᠨ ᠰᠠᠭᠤᠴᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠡᠴᠦᠰ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠᠯᠳᠤᠨ ᠠᠪᠤᠭᠴᠢ ᠳᠤ ︽ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ  ᠰᠠᠭᠤᠴᠠ ᠶᠢᠨ ᠬᠡᠷᠡᠭᠯᠡᠯᠲᠡ ᠶᠢᠨ ᠲᠣᠳᠣᠷᠬᠠᠶᠢᠯᠠᠯᠲᠠ ᠶᠢᠨ ᠪᠢᠴᠢᠭ︾ ᠭᠠᠷᠭᠠᠵᠤ᠂ ᠡᠭᠦᠨ ᠤ ᠬᠠᠮᠲᠤ ᠰᠡᠯᠪᠢᠨ ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠢᠯᠭ᠎ᠠ ᠶᠢᠨ  ᠶᠠᠰᠤ ᠴᠢᠨᠠᠷ ᠪᠣᠯᠤᠨ ᠬᠡᠷᠡᠭᠯᠡᠯᠲᠡ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠳᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ᠂ ᠬᠢᠷᠢ ᠬᠡᠮ ᠪᠣᠯᠤᠨ ᠨᠡᠶᠢᠭᠡᠮ ᠤᠨ ᠰᠠᠶᠢᠨ ᠰᠠᠶᠢᠬᠠᠨ ᠬᠠᠷᠢᠭᠤᠴᠠᠯᠭ᠎ᠠ   ᠲᠠᠢ ᠪᠠᠷᠢᠯᠭ᠎ᠠ ᠶᠢᠨ ᠠᠵᠤ ᠠᠬᠤᠶᠢᠯᠠᠯ ᠪᠣᠯᠤᠨ ᠬᠢᠨᠠᠨ ᠬᠠᠮᠢᠶᠠᠷᠬᠤ ᠺᠣᠮᠫᠠᠨᠢ ᠶᠢ ᠰᠣᠩᠭᠤᠨ ᠬᠡᠷᠡᠭᠵᠢᠭᠦᠯᠬᠦ  ᠬᠡᠷᠡᠭᠳᠡᠢ᠃       ᠠᠷᠪᠠᠨ ᠨᠠᠢᠮᠠᠳᠤᠭᠠᠷ ᠵᠦᠢᠯ ᠬᠢᠮᠳᠠ ᠲᠣᠬᠢᠯᠢᠭ ᠣᠷᠣᠨ ᠰᠠᠭᠤᠴᠠ ᠶᠢᠨ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡ ᠶᠢ ᠬᠡᠷᠡᠭᠵᠢᠭᠦᠯᠵᠦ ᠪᠣᠯᠤᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠵᠡᠷᠭᠡ ᠪᠠᠶᠢᠭᠤᠯᠤᠮᠵᠢ ᠶᠢᠨ ᠵᠢᠯᠣᠭᠤᠳᠤᠯᠭ᠎ᠠ ᠳᠣᠣᠷ᠎ᠠ᠂ ᠰᠠᠭᠤᠭᠠᠯᠢ ᠠᠷᠠᠳ ᠥᠪᠡᠰᠦᠪᠡᠨ ᠬᠠᠮᠢᠶᠠᠷᠴᠤ᠂ ᠣᠷᠣᠰᠢᠨ ᠰᠠᠭᠤᠬᠤ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠳᠤ ᠨᠡᠶᠢᠴᠡᠭᠰᠡᠨ ᠠᠳᠠᠯ ᠠᠬᠤᠢ ᠶᠢᠨ  ᠤᠶᠢᠯᠡᠴᠢᠯᠡᠭᠡᠨ ᠢ ᠬᠠᠩᠭᠠᠬᠤ ᠬᠡᠷᠡᠭᠲᠡᠶ᠃             ᠳᠥᠷᠪᠡᠳᠦᠭᠡᠷ ᠪᠦᠯᠦᠭ ᠪᠡᠯᠡ ᠮᠥᠩᠭᠦ ᠶᠢᠨ ᠬᠠᠮᠢᠶᠠᠷᠤᠯᠲᠠ     ᠠᠷᠪᠠ ᠶᠢᠰᠦᠳᠦᠭᠡᠷ ᠵᠤᠶᠢᠯ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ  ᠵᠤᠶᠢᠯ ᠤᠨ ᠪᠡᠯᠡ ᠮᠥᠩᠭᠦ ᠪᠠ ᠪᠠᠶᠢᠭᠤᠯᠵᠤ  ᠪᠦᠳᠦᠭᠡᠭᠰᠡᠨ ᠤ ᠳᠠᠷᠠᠭ᠎ᠠ ᠬᠤᠳᠠᠯᠳᠤᠭᠰᠠᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠠᠳᠠᠯᠢ ᠱᠠᠲᠤᠨ ᠤ ᠤᠯᠤᠰ ᠤᠨ ᠬᠥᠮᠥᠷᠭᠡ ᠶᠢᠨ ᠲᠤᠰᠬᠠᠶ ᠡᠷᠦᠬᠡ ᠳᠤ ᠲᠤᠰᠢᠶᠠᠨ ᠬᠠᠳᠠᠭᠠᠯᠠᠭᠤᠯᠤᠨ᠎ᠠ᠃ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠣᠭᠤᠰ ᠵᠢᠴᠢ ᠵᠢᠭᠡᠯᠡᠯᠭᠡ ᠶᠢᠨ ᠡᠬᠡ ᠬᠦᠤ ᠮᠥᠩᠭᠦ ᠶᠢ ᠪᠤᠴᠠᠭᠠᠬᠤ ᠪᠠ ᠦᠷᠭᠦᠯᠵᠢᠯᠡᠨ ᠡᠷᠭᠢᠯᠳᠦᠭᠦᠯᠦᠨ ᠪᠦᠲᠦᠭᠡᠨ  ᠪᠠᠶᠢᠭᠤᠯᠵᠤ᠂ ᠬᠤᠳᠠᠯᠳᠤᠭᠰᠠᠨ ᠤ ᠳᠠᠷᠠᠭᠠᠬᠢ ᠬᠠᠮᠠᠭᠠᠯᠠᠯᠲᠠ᠂ ᠬᠠᠮᠢᠶᠠᠷᠤᠯᠲᠠ ᠶᠢᠨ ᠵᠠᠷᠤᠯᠭ᠎ᠠ ᠵᠡᠷᠭᠡ ᠳᠤ ᠲᠤᠰᠬᠠᠶ  ᠵᠤᠶᠢᠯ ᠢᠶᠠᠷ ᠬᠡᠷᠡᠭᠯᠡᠬᠦ ᠬᠡᠷᠡᠭᠲᠡᠶ᠂ ᠨᠡᠭᠦᠯᠭᠡᠨ ᠬᠡᠷᠡᠭᠯᠡᠵᠦ ᠪᠣᠯᠬᠤ ᠦᠭᠡᠢ᠃            ᠲᠠᠪᠤᠳᠤᠭᠠᠷ ᠪᠦᠯᠦᠭ ᠦᠨ᠎ᠡ ᠬᠠᠩᠰᠢ ᠶᠢᠨ ᠬᠠᠮᠢᠶᠠᠷᠤᠯᠲᠠ     ᠬᠤᠷᠢᠳᠤᠭᠠᠷ ᠵᠤᠶᠢᠯ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠦᠨ᠎ᠡ ᠬᠠᠩᠰᠢ ᠶᠢ ᠲᠣᠭᠲᠠᠭᠠᠬᠤ ᠳᠤ ᠪᠡᠯᠡ ᠪᠠᠨ ᠪᠠᠲᠤᠯᠠᠵᠤ ᠥᠴᠦᠬᠡᠨ ᠠᠰᠢᠭ ᠤᠯᠬᠤ ᠪᠠᠷ ᠵᠠᠷᠴᠢᠮ ᠪᠣᠯᠭᠠᠬᠤ ᠬᠡᠷᠡᠭᠲᠡᠶ᠃ ᠲᠡᠭᠦᠨ ᠤ ᠪᠣᠷᠣᠯᠠᠭᠤᠯᠬᠤ ᠦᠨᠳᠦᠰᠦᠨ ᠪᠠᠷᠢᠮᠵᠢᠶ᠎ᠠ ᠦᠨ᠎ᠡ ᠬᠠᠩᠰᠢ ᠵᠢᠴᠢ ᠬᠥᠪᠦᠮᠡᠯ ᠬᠡᠮᠵᠢᠶ᠎ᠡ ᠨᠢ᠂ ᠦᠨ᠎ᠡ ᠬᠠᠩᠰᠢ ᠲᠣᠭᠲᠠᠭᠠᠬᠤ ᠡᠷᠬᠡ ᠪᠦᠬᠦᠢ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠥᠪᠡᠷ ᠤᠨ ᠥᠷᠲᠡᠭ ᠪᠠ ᠠᠰᠢᠭ ᠬᠤᠨᠵᠢᠪᠣᠷᠢ ᠶᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠬᠢᠮᠳᠠ ᠪᠥᠭᠡᠳ ᠳᠣᠭᠢᠷᠠᠬᠤ ᠣᠷᠣᠨ ᠰᠠᠭᠤᠴᠠ ᠶᠢᠨ  ᠵᠤᠶᠢᠯᠡᠰ ᠤᠨ ᠠᠰᠢᠭ ᠬᠤᠨᠵᠢᠪᠣᠷᠢ ᠶᠢᠨ ᠨᠣᠷᠮ᠎ᠠ ᠶᠢ 3% ᠠᠴᠠ ᠥᠨᠳᠥᠷ ᠪᠠᠶᠢᠯᠭᠠᠬᠤ ᠥᠬᠡᠶ ᠪᠠᠷ ᠬᠢᠨᠠᠨ ᠲᠣᠭᠲᠠᠭᠠᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠵᠣᠬᠢᠶᠠᠨ ᠪᠠᠶᠢᠭᠤᠯᠵᠤ ᠪᠦᠳᠦᠭᠡᠠ ᠪᠠᠶᠢᠭᠤᠯᠤᠭᠰᠠᠨ ᠬᠢᠮᠳᠠ ᠬᠡᠷᠡᠭᠴᠡᠭᠡᠲᠦ ᠣᠷᠣᠨ ᠰᠠᠭᠤᠴᠠ ᠶᠢ ᠵᠥᠪᠬᠡᠨ ᠥᠪᠡᠷ ᠤᠨ ᠤᠢᠷᠳᠡᠭ ᠤᠨ ᠦᠨ᠎ᠡ ᠪᠠᠷ ᠪᠣᠷᠣᠯᠠᠭᠤᠯᠵᠤ ᠪᠣᠯᠤᠨ᠎ᠠ᠂ ᠠᠰᠢᠭ ᠬᠤᠨᠵᠢᠪᠣᠷᠢ ᠲᠠᠢ ᠪᠠᠶᠢᠵᠤ ᠪᠣᠯᠬᠤ ᠤᠢᠭᠡᠢ᠃     ᠬᠤᠷᠢᠨ ᠨᠢᠭᠡᠳᠦᠭᠡᠷ  ᠵᠤᠶᠢᠯ ᠬᠢᠮᠳᠠ ᠲᠣᠬᠢᠯᠢᠭ ᠣᠷᠣᠨ ᠰᠠᠭᠤᠴᠠ ᠶᠢᠨ ᠪᠣᠷᠣᠯᠠᠭᠤᠯᠤᠯᠲᠠ ᠳᠤ ᠦᠨ᠎ᠡ ᠬᠠᠩᠰᠢ ᠶᠢ ᠢᠯᠡ ᠬᠠᠳᠠᠬᠤ ᠶᠢ ᠬᠡᠷᠡᠭᠵᠢᠭᠦᠯᠵᠦ᠂ ᠪᠣᠷᠣᠯᠠᠭᠤᠯᠬᠤ ᠦᠨ᠎ᠡ ᠬᠠᠩᠰᠢ ᠶᠢ ᠰᠠᠭᠤᠷᠢ ᠪᠠᠷᠢᠮᠵᠢᠶ᠎ᠠ ᠦᠨ᠎ᠡ ᠬᠠᠩᠰᠢ ᠵᠢᠴᠢ ᠥᠰᠥᠯᠲᠡ ᠶᠢᠨ ᠬᠡᠮᠵᠢᠶ᠎ᠡ ᠠᠴᠠ  ᠦᠨᠳᠦᠷ ᠪᠠᠶᠢᠯᠭᠠᠵᠤ ᠪᠣᠯᠬᠤ ᠦᠭᠡᠢ᠂ ᠬᠠᠳᠠᠭᠰᠠᠨ ᠦᠨ᠎ᠡ ᠠᠴᠠ ᠭᠠᠳᠠᠨ᠎ᠠ ᠶᠠᠮᠠᠷᠴᠤ ᠲᠣᠳᠣᠷᠬᠠᠶᠢᠯᠠᠭᠰᠠᠨ ᠦᠭᠡᠢ  ᠵᠠᠷᠤᠳᠠᠯ ᠬᠤᠷᠢᠶᠠᠵᠤ ᠪᠣᠯᠬᠤ ᠦᠭᠡᠢ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠬᠤ ᠬᠡᠷᠡᠭᠲᠡᠶ᠃    ᠬᠤᠷᠢᠨ ᠬᠤᠶᠠᠳᠤᠭᠠᠷ ᠵᠦᠢᠯ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠥᠪᠡᠷ ᠤᠨ ᠥᠷᠲᠡᠭ  ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠥᠪᠡᠷ ᠤᠨ ᠥᠷᠲᠡᠭ ᠵᠢᠴᠢ ᠠᠰᠢᠭ ᠬᠤᠨᠵᠢᠪᠣᠷᠢ ᠶᠢᠨ  ᠬᠤᠪᠢᠷᠠᠯᠳᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠶᠠᠰᠤ  ᠴᠢᠨᠠᠷ ᠪᠠ ᠦᠨ᠎ᠡ ᠬᠠᠩᠰᠢ ᠶᠢᠨ ᠬᠠᠷᠢᠯᠴᠠᠨ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃             ᠵᠢᠷᠭᠤᠳᠤᠭᠠᠷ ᠪᠦᠯᠦᠭ ᠵᠥᠪᠰᠢᠶᠡᠷᠡᠨ ᠣᠷᠣᠭᠤᠯᠬᠤ ᠬᠠᠮᠢᠶᠠᠷᠤᠯᠲᠠ   ᠬᠤᠷᠢᠨ ᠭᠤᠷᠪᠠᠳᠤᠭᠠᠷ ᠵᠤᠶᠢᠯ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠬᠠᠮᠢᠶᠠᠷᠤᠯᠲᠠ ᠳᠤ ᠵᠥᠪᠰᠢᠶᠡᠷᠡᠨ ᠣᠷᠣᠭᠤᠯᠬᠤ ᠴᠢᠩᠭ᠎ᠠ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠬᠢᠵᠠᠭᠠᠷᠯᠠᠨ  ᠲᠤᠭᠳᠠᠭᠠᠭᠰᠠᠨ ᠦᠨ᠎ᠡ ᠬᠠᠩᠰᠢ ᠪᠠᠷ ᠭᠡᠷ ᠪᠠᠶᠢᠰᠢᠩ ᠬᠤᠳᠠᠯᠳᠤᠨ ᠠᠪᠬᠤ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠭᠡᠷ ᠪᠦᠯᠢ ᠳᠤ ᠨᠢᠭᠡᠳᠦᠯᠲᠡᠶ ᠵᠣᠬᠢᠶᠠᠨ ᠪᠠᠶᠢᠭᠤᠯᠤᠨ ᠬᠤᠳᠠᠯᠳᠤᠨ᠎ᠠ᠃ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠬᠠᠩᠭᠠᠯᠭ᠎ᠠ ᠳᠤ ᠭᠤᠶᠤᠴᠢᠯᠠᠬᠤ᠂ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠪᠠ ᠡᠭᠡᠯᠵᠢᠯᠡᠨ ᠬᠦᠯᠢᠶᠡᠬᠦ ᠳᠦᠷᠢᠮ  ᠢ ᠬᠡᠷᠡᠭᠵᠢᠭᠦᠯᠦᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠬᠢᠮᠳᠠ ᠬᠡᠷᠡᠭᠴᠡᠭᠡᠲᠦ ᠣᠷᠣᠨ ᠰᠠᠭᠤᠴᠠ ᠶᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠪᠠ ᠡᠭᠡᠯᠵᠢᠯᠡᠨ ᠬᠦᠯᠢᠶᠡᠬᠦ ᠪᠣᠳᠠᠲᠠᠢ ᠲᠥᠰᠦᠯ ᠢ ᠲᠣᠭᠲᠠᠭᠠᠬᠤ ᠬᠡᠷᠡᠭᠲᠡᠢ᠃ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠃    ᠬᠤᠷᠢᠨ ᠳᠥᠷᠪᠡᠳᠦᠭᠡᠷ  ᠵᠤᠶᠢᠯ  ᠬᠤᠳᠠ ᠶᠢᠨ ᠣᠷᠣᠯᠭ᠎ᠠ ᠪᠠᠭᠠᠲᠠᠶ ᠭᠡᠷ ᠪᠦᠯᠢ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠬᠤᠳᠠᠯᠳᠤᠨ ᠠᠪᠬᠤ ᠪᠠᠷ ᠭᠤᠶᠤᠴᠢᠯᠠᠬᠤ ᠳᠤ ᠳᠣᠤᠷ᠎ᠠ ᠵᠢᠭᠰᠠᠭᠠᠭᠰᠠᠨ ᠨᠥᠬᠦᠴᠡᠯ ᠳᠤ ᠵᠡᠷᠭᠡᠪᠡᠷ  ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ᠬᠤᠩ ᠮᠤᠤ ᠪᠠᠯᠭᠠᠰᠤ ᠶᠢᠨ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠲᠠᠷᠢᠶᠠᠯᠠᠩ ᠤᠨ ᠪᠤᠰᠤ ᠡᠷᠦᠬᠡ ᠠᠮᠠ ᠲᠠᠢ ᠪᠠᠶᠢᠬᠤ︔     ︵ᠬᠤᠶᠠᠷ︶ ᠭᠡᠷ ᠪᠦᠯᠢ ᠶᠢᠨ ᠣᠷᠣᠯᠭ᠎ᠠ ᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠭᠠᠭᠯᠠᠨ ᠲᠣᠭᠲᠠᠭᠠᠭᠰᠠᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠯᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔ ᠪᠠᠷᠢᠮᠵᠢᠶ᠎ᠠ ᠨᠢ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠬᠡᠷ ᠪᠦᠯᠢ︔     ︵ᠭᠤᠷᠪᠠ︶ ᠣᠷᠣᠨ ᠰᠠᠭᠤᠴᠠ ᠶᠢᠨ ᠨᠥᠬᠦᠪᠥᠷᠢ ᠭᠥᠷᠳᠡᠭᠰᠡᠨ ᠬᠡᠷ ᠥᠬᠡᠶ ᠡᠷᠦᠬᠡ︔     ︵ᠳᠥᠷᠪᠡ︶ ᠬᠤᠲᠠ ᠪᠠᠯᠭᠠᠰᠤ ᠪᠤᠶᠤ ᠬᠥᠳᠡᠭᠡ ᠲᠣᠰᠬᠤᠨ ᠵᠢᠴᠢ ᠭᠠᠳᠠᠷ ᠣᠷᠣᠨ ᠳᠤ ᠥᠪᠡᠷ ᠤᠨ ᠥᠮᠴᠢᠯᠡᠬᠦ ᠡᠷᠬᠡ  ᠦᠭᠡᠢ ᠣᠷᠣᠨ ᠰᠠᠭᠤᠴᠠ ᠪᠠᠶᠢᠬᠤ︔    ︵ᠲᠠᠪᠤ︶ ᠲᠤᠬᠠᠶ ᠶᠢᠨ ᠭᠠᠵᠠᠷ ᠪᠤᠶᠤ ᠭᠠᠳᠠᠷ ᠣᠷᠣᠨ ᠳᠤ ᠠᠰᠠᠷᠠᠮᠵᠢ ᠶᠢᠨ ᠬᠤᠪᠢᠶᠠᠷᠢ ᠭᠡᠷ ᠪᠠᠶᠢᠰᠢᠩ ᠳᠤ  ᠤᠷᠤᠯᠴᠠᠭᠰᠠᠨ‌ᠦᠭᠡᠢ᠂ ᠨᠢᠭᠡᠴᠡ ᠶᠢᠨ ᠪᠡᠯᠡ ᠴᠤᠭᠯᠠᠭᠤᠯᠤᠭᠰᠠᠨ ᠣᠷᠣᠨ ᠰᠠᠭᠤᠴᠠ ︵ᠪᠠᠲᠤᠯᠠᠭ᠎ᠠ ᠶᠢᠨ ᠴᠢᠨᠠᠷᠲᠠᠶ ᠣᠷᠣᠨ  ᠰᠠᠭᠤᠴᠠ ᠪᠠᠭᠲᠠᠨ᠎ᠠ︶ ᠵᠢᠴᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ  ᠢ ᠥᠭᠡᠷᠡᠴᠢᠯᠡᠨ ᠰᠢᠨᠡᠳᠬᠡᠬᠦ ᠪᠤᠴᠠᠵᠤ ᠨᠡᠭᠦᠭᠰᠡᠨ ᠣᠷᠣᠨ ᠰᠠᠭᠤᠴᠠ ᠪᠤᠶᠤ ᠵᠣᠭᠤᠰ ᠢᠶᠠᠷ ᠲᠥᠪᠬᠢᠨᠡᠭᠦᠯᠬᠦ ᠨᠥᠬᠦᠪᠥᠷᠢ ᠥᠭᠬᠦ ᠭᠡᠷ ᠪᠦᠯᠢ᠃     ᠬᠤᠷᠢᠨ ᠲᠠᠪᠤᠳᠤᠭᠠᠷ  ᠵᠤᠶᠢᠯ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ ᠶᠢᠨ ᠬᠢᠷᠢ ᠬᠡᠮ ᠤᠨ ᠭᠤᠶᠤᠴᠢᠯᠠᠯ  ᠢ ᠨᠡᠶᠢᠭᠡᠮ ᠲᠣᠭᠤᠷᠢᠭ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠠᠷᠠᠳ ᠤᠨ ᠶᠠᠪᠤᠳᠠᠯ ᠤᠨ  ᠲᠤᠪᠴᠢᠶ᠎ᠠ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠣᠪᠴᠢᠶ᠎ᠠ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠠᠷᠭ᠎ᠠ ᠮᠠᠶ᠋ᠢᠭ ᠢᠶᠠᠷ ᠮᠠᠭᠠᠳᠯᠠᠨ ᠲᠣᠭᠲᠠᠭᠠᠨ᠎ᠠ᠃ ᠬᠢᠨᠠᠨ ᠬᠠᠷᠭᠤᠭᠤᠯᠬᠤ ᠨᠢᠭᠡᠴᠡ ᠨᠢ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠢᠶᠠᠨ ᠰᠤᠷᠪᠤᠯᠵᠢᠯᠠᠬᠤ ᠵᠢᠴᠢ ᠵᠠᠬᠢᠳᠠᠯ ᠴᠢᠮᠡᠭᠡ ᠪᠠᠷ ᠭᠡᠷᠡᠴᠢ ᠠᠪᠬᠤ ᠵᠡᠷᠭᠡ ᠠᠷᠭ᠎ᠠ ᠮᠠᠶ᠋ᠢᠭ ᠢᠶᠠᠷ  ᠭᠤᠶᠤᠴᠢᠯᠠᠬᠤ ᠬᠡᠷ ᠪᠦᠯᠢ ᠶᠢᠨ ᠣᠷᠣᠯᠭ᠎ᠠ ᠪᠠ ᠣᠷᠣᠨ ᠰᠠᠭᠤᠴᠠ ᠶᠢᠨ ᠪᠠᠶᠢᠳᠠᠯ ᠵᠡᠷᠭᠡ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠡᠶ᠃ ᠭᠤᠶᠤᠴᠢᠯᠠᠭᠴᠢ ᠵᠢᠴᠢ ᠬᠤᠯᠪᠣᠭᠳᠠᠯ ᠪᠦᠬᠦᠢ ᠨᠢᠭᠡᠴᠢ᠂ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ  ᠬᠠᠮᠵᠢᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠃    ᠬᠤᠷᠢᠨ ᠵᠢᠷᠭᠤᠳᠤᠭᠠᠷ  ᠵᠤᠶᠢᠯ ᠬᠢᠨᠠᠨ ᠬᠠᠷᠭᠤᠭᠤᠯᠵᠤ ᠢᠯᠡ ᠨᠡᠶᠢᠲᠡᠯᠡᠭᠡᠳ ᠪᠠᠲᠤᠯᠠᠭᠰᠠᠨ ᠭᠡᠷ ᠪᠦᠯᠢ ᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠭᠤᠤᠯᠴᠢᠯᠠᠨ ᠬᠠᠮᠢᠶᠠᠷᠬᠤ  ᠰᠠᠯᠠᠭ᠎ᠠ ᠮᠥᠴᠢᠷ ᠠᠴᠠ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠬᠤ ᠶᠢ ᠵᠥᠪᠰᠢᠶᠡᠷᠡᠭᠰᠡᠨ ᠦᠨᠡᠮᠯᠡᠯ ᠣᠯᠭᠤᠨ᠎ᠠ᠃ ᠳᠠᠷᠠᠭ᠎ᠠ ᠨᠢ ᠭᠡᠷ ᠪᠦᠯᠢ ᠶᠢᠨ ᠣᠷᠣᠯᠭ᠎ᠠ ᠶᠢᠨ ᠬᠢᠷᠢ ᠬᠡᠮᠵᠢᠶ᠎ᠡ᠂ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ᠂ ᠭᠤᠶᠤᠴᠢᠯᠠᠭᠴᠢ ᠶᠢᠨ ᠨᠠᠰᠤ ᠵᠢᠯ᠂ ᠵᠡᠮᠳᠡᠭ ᠪᠣᠯᠤᠭᠰᠠᠨ ᠬᠡᠮᠵᠢᠶ᠎ᠡ᠂ ᠣᠷᠣᠨ ᠰᠠᠭᠤᠴᠠ ᠶᠢᠨ  ᠪᠠᠶᠢᠳᠠᠯ ᠵᠡᠷᠭᠡ ᠶᠢ ᠦᠨᠳᠦᠰᠦᠯᠡᠨ ᠠᠵᠢᠯᠯᠠᠬᠤ ᠳᠦᠷᠢᠮ ᠶᠣᠰᠣᠭᠠᠷ ᠢᠯᠡ ᠪᠠᠷ ᠨᠣᠮᠧᠷ ᠰᠠᠵᠢᠨ ᠬᠤᠪᠢᠶᠠᠷᠢᠯᠠᠨ᠎ᠠ᠃   ᠬᠤᠷᠢᠨ ᠳᠣᠯᠣᠳᠤᠭᠠᠷ  ᠵᠤᠶᠢᠯ ᠨᠥᠬᠦᠴᠡᠯ ᠳᠤ ᠨᠡᠶᠢᠴᠡᠬᠦ ᠭᠡᠷ ᠪᠦᠯᠢ ᠨᠢ ᠬᠢᠨᠠᠨ ᠵᠥᠪᠰᠢᠶᠡᠷᠡᠭᠰᠡᠨ ᠲᠠᠯᠠᠪᠠᠢ ᠯᠤᠭ᠎ᠠ ᠬᠠᠷᠢᠯᠴᠠᠨ ᠵᠣᠬᠢᠴᠠᠯᠳᠤᠭᠰᠠᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠴᠤ ᠪᠣᠯᠤᠨ᠎ᠠ᠃ ᠬᠤᠳᠠᠯᠳᠤᠨ ᠠᠪᠬᠤ ᠲᠠᠯᠠᠪᠠᠢ ᠶᠢ ᠵᠠᠷᠴᠢᠮ ᠳᠡᠭᠡᠷ᠎ᠡ ᠪᠠᠨ ᠬᠢᠨᠠᠨ ᠵᠥᠪᠰᠢᠶᠡᠷᠡᠭᠰᠡᠨ ᠲᠠᠯᠠᠪᠠᠢ ᠠᠴᠠ ᠬᠡᠲᠦᠷᠡᠭᠦᠯᠵᠦ ᠪᠣᠯᠬᠤ ᠦᠭᠡᠢ᠃ ᠬᠤᠳᠠᠯᠳᠤᠨ ᠠᠪᠤᠭᠰᠠᠨ ᠲᠠᠯᠠᠪᠠᠢ ᠨᠢ ᠬᠢᠨᠠᠨ ᠵᠥᠪᠰᠢᠶᠡᠷᠡᠭᠰᠡᠨ ᠲᠠᠯᠠᠪᠠᠢ ᠶᠢᠨ ᠳᠣᠲᠣᠷ᠎ᠠ ᠪᠠᠶᠢᠪᠠᠯ᠂ ᠬᠢᠨᠠᠨ  ᠵᠦᠪᠰᠢᠶᠡᠷᠡᠭᠰᠡᠨ ᠦᠨ᠎ᠡ ᠪᠠᠷ ᠬᠤᠳᠠᠯᠳᠤᠨ ᠠᠪᠤᠨ᠎ᠠ︔ ᠬᠢᠨᠠᠨ ᠵᠥᠪᠰᠢᠶᠡᠷᠡᠭᠰᠡᠨ ᠲᠠᠯᠠᠪᠠᠢ ᠠᠴᠠ ᠬᠡᠲᠦᠷᠡᠭᠰᠡᠨ ᠬᠡᠰᠡᠭ ᠲᠤ ᠵᠠᠰᠠᠭ ᠤᠨ ᠣᠷᠳᠣᠨ ᠤ ᠬᠠᠷᠠᠭᠠᠯᠵᠠᠯ ᠢ  ᠬᠦᠷᠳᠡᠵᠤ ᠪᠣᠯᠬᠤ ᠦᠭᠡᠢ᠂ ᠭᠡᠷ ᠬᠤᠳᠠᠯᠳᠤᠨ ᠠᠪᠤᠭᠴᠢ ᠨᠢ ᠠᠳᠠᠯᠢ ᠭᠠᠵᠠᠷ ᠤᠨ ᠠᠳᠠᠯᠢ ᠲᠥᠷᠥᠯ ᠤᠨ ᠡᠩ ᠤᠨ ᠲᠠᠸᠠᠷ ᠤᠨ ᠣᠷᠣᠨ ᠰᠠᠭᠤᠴᠠ ᠶᠢᠨ ᠦᠨ᠎ᠡ ᠬᠠᠩᠰᠢ ᠶᠢᠨ ᠶᠣᠰᠣᠭᠠᠷ ᠵᠥᠷᠢᠶᠡᠲᠦ ᠦᠨ᠎ᠡ ᠶᠢ ᠨᠥᠬᠦᠵᠦ ᠲᠤᠰᠢᠶᠠᠨ᠎ᠠ᠃          ᠳᠣᠯᠣᠳᠤᠭᠠᠷ ᠪᠦᠯᠦᠭ ᠤᠬᠤᠷᠢᠨ ᠭᠠᠷᠬᠤ ᠬᠠᠮᠢᠶᠠᠷᠤᠯᠲᠠ    ᠬᠤᠷᠢᠨ ᠨᠠᠢᠮᠠᠳᠤᠭᠠᠷ  ᠵᠤᠶᠢᠯ ᠰᠠᠭᠤᠭᠠᠯᠢ ᠠᠷᠠᠳ ᠬᠤᠪᠢ ᠬᠥᠮᠦᠨ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ  ᠠᠪᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠡᠷᠬᠡ ᠶᠢᠨ ᠬᠠᠷᠢᠶᠠᠯᠠᠯ ᠤᠨ ᠳᠠᠩᠰᠠᠯᠠᠯᠲᠠ ᠬᠢᠯᠭᠡᠬᠦ ᠬᠡᠷᠡᠭᠲᠡᠶ᠃ ᠭᠡᠷ ᠪᠠᠶᠢᠰᠢᠩ᠂ ᠭᠠᠵᠠᠷ ᠰᠢᠷᠣᠢ ᠶᠢᠨ ᠳᠠᠩᠰᠠᠯᠠᠯᠲᠠ ᠶᠢᠨ ᠰᠠᠯᠠᠭ᠎ᠠ ᠮᠥᠴᠢᠷ ᠨᠢ ᠡᠷᠬᠡ ᠶᠢᠨ ᠬᠠᠷᠢᠶᠠᠯᠠᠯ ᠤᠨ  ᠳᠠᠩᠰᠠᠯᠠᠯᠲᠠ ᠬᠢᠬᠦ ᠳᠡᠭᠡᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ᠂ ᠭᠠᠵᠠᠷ ᠰᠢᠷᠣᠢ ᠶᠢ ᠬᠤᠪᠢᠶᠠᠷᠢᠯᠠᠨ  ᠦᠭᠬᠦ ᠶᠠᠪᠤᠳᠠᠯ ᠢ ᠲᠤᠰ ᠲᠤᠰ ᠲᠣᠳᠣᠷᠬᠠᠶᠢᠯᠠᠬᠤ ᠬᠡᠷᠡᠭᠲᠡᠢ᠃    ᠬᠤᠷᠢ ᠶᠢᠰᠦᠳᠦᠭᠡᠷ  ᠵᠤᠶᠢᠯ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠴᠢ ᠨᠢ ᠬᠢᠵᠠᠭᠠᠷᠲᠤ ᠥᠮᠴᠢᠯᠡᠬᠦ  ᠡᠷᠬᠡ ᠲᠠᠢ᠃    ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠤᠭᠠᠳ 5 ᠵᠢᠯ ᠪᠣᠯᠤᠭ᠎ᠠ ᠦᠭᠡᠢ᠂ ᠰᠢᠭᠤᠳ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠵᠤ ᠪᠣᠯᠬᠤ ᠦᠭᠡᠢ᠂ ᠭᠡᠷ ᠬᠤᠳᠠᠯᠳᠤᠨ ᠠᠪᠤᠭᠴᠢ ᠣᠨᠴᠠᠭᠠᠢ ᠰᠢᠯᠲᠠᠭᠠᠨ ᠠᠴᠠ ᠪᠣᠯᠵᠤ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠦᠨᠡᠬᠡᠷ ᠰᠢᠯᠵᠢᠭᠦᠯᠦᠨ ᠥᠭᠬᠦ  ᠴᠢᠬᠤᠯᠠᠳᠠᠢ ᠪᠠᠶᠢᠪᠠᠯ᠂ ᠵᠠᠰᠠᠭ ᠤᠨ ᠣᠷᠳᠣᠨ ᠠᠴᠠ ᠤᠤᠯ ᠤᠨ ᠦᠨ᠎ᠡ ᠬᠠᠩᠰᠢ ᠶᠢᠨ ᠬᠠᠮᠲᠤ ᠡᠯᠡᠭᠳᠡᠯ ᠪᠣᠯᠤᠨ ᠪᠠᠷᠠᠭᠠᠨ ᠤ ᠦᠨ᠎ᠡ ᠶᠢᠨ ᠬᠢᠷᠢ ᠬᠡᠮᠵᠢᠶ᠎ᠡ ᠵᠡᠷᠭᠡ ᠬᠦᠴᠦᠨ ᠵᠦᠶ᠋ᠯ ᠢ ᠪᠣᠳᠣᠯᠬᠢᠯᠠᠵᠤ ᠪᠠᠶᠢᠭᠠᠳ ᠡᠭᠡᠭᠦᠯᠦᠨ ᠬᠤᠳᠠᠯᠳᠤᠨ ᠠᠪᠬᠤ ᠬᠡᠷᠡᠭᠲᠡᠶ᠃     ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠤᠭᠠᠳ ᠪᠦᠬᠦᠯᠢ 5 ᠵᠢᠯ ᠪᠣᠯᠵᠤ᠂ ᠭᠡᠷ ᠬᠤᠳᠠᠯᠳᠤᠨ ᠠᠪᠤᠭᠴᠢ ᠵᠠᠬ᠎ᠠ ᠳᠡᠯᠭᠡᠭᠦᠷ ᠲᠤ ᠭᠠᠷᠴᠤ ᠬᠢᠮᠳᠠ ᠲᠣᠬᠢᠯᠢᠭ ᠣᠷᠣᠨ ᠰᠠᠭᠤᠴᠠ ᠪᠠᠨ ᠰᠢᠯᠵᠢᠭᠦᠯᠦᠨ ᠥᠭᠬᠦ ᠳᠤ ᠬᠦᠷᠪᠡᠯ᠂ ᠲᠤᠬᠠᠶ ᠶᠢᠨ ᠴᠠᠭ ᠤᠨ ᠠᠳᠠᠯᠢ ᠬᠡᠰᠡᠭ ᠤᠨ ᠡᠩ ᠤᠨ ᠲᠠᠸᠠᠷ ᠤᠨ ᠣᠷᠣᠨ ᠰᠠᠭᠤᠴᠠ ᠬᠢᠭᠡᠳ ᠬᠢᠮᠳᠠ ᠲᠣᠬᠢᠯᠢᠭ ᠣᠷᠣᠨ ᠰᠠᠭᠤᠴᠠ ᠶᠢᠨ ᠵᠥᠷᠢᠶᠡᠲᠦ ᠦᠨ᠎ᠡ ᠶᠢᠨ ᠵᠣᠬᠢᠬᠤ ᠬᠠᠷᠢᠴᠠᠯ ᠢᠶᠠᠷ ᠵᠠᠰᠠᠭ ᠤᠨ ᠣᠷᠳᠣᠨ ᠳᠤ  ᠭᠠᠵᠠᠷ ᠰᠢᠷᠣᠶ ᠶᠢᠨ ᠠᠰᠢᠭ ᠣᠯᠵᠠᠪᠤᠷᠢ ᠵᠡᠷᠭᠡ ᠬᠠᠮᠢᠶ᠎ᠠ ᠪᠦᠬᠦᠢ ᠦᠨ᠎ᠡ ᠶᠢᠨ ᠵᠣᠭᠤᠰ ᠢ ᠲᠤᠰᠢᠶᠠᠬᠤ ᠬᠡᠷᠡᠭᠲᠡᠶ᠃ ᠪᠣᠳᠠᠲᠠᠶ ᠲᠤᠰᠢᠶᠠᠬᠤ ᠬᠠᠷᠢᠴᠠᠯ ᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠂ ᠵᠠᠰᠠᠭ ᠤᠨ  ᠤᠷᠳᠤᠨ ᠤᠷᠢᠳᠠᠪᠠᠷ ᠪᠤᠴᠠᠭᠠᠵᠤ ᠬᠤᠳᠠᠯᠳᠤᠨ ᠠᠪᠴᠤ ᠪᠣᠯᠤᠨ᠎ᠠ︔ ᠭᠡᠷ ᠬᠤᠳᠠᠯᠳᠤᠨ ᠠᠪᠤᠭᠴᠢ ᠪᠠᠰᠠ ᠵᠠᠰᠠᠭ ᠤᠨ ᠣᠷᠳᠣᠨ ᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠵᠠᠰᠠᠭ ᠤᠨ  ᠤᠷᠳᠤᠨ ᠳᠤ ᠭᠠᠵᠠᠷ ᠰᠢᠷᠣᠶ ᠶᠢᠨ ᠠᠰᠢᠭ ᠣᠷᠣᠯᠭ᠎ᠠ ᠵᠡᠷᠭᠡ ᠬᠤᠯᠪᠣᠭᠳᠠᠯ ᠪᠦᠬᠦᠢ ᠦᠨ᠎ᠡ ᠶᠢᠨ ᠵᠣᠭᠤᠰ ᠢ ᠲᠤᠰᠢᠶᠠᠭᠰᠠᠨ ᠤ ᠳᠠᠷᠠᠭ᠎ᠠ᠂ ᠪᠦᠷᠢᠨ ᠥᠮᠴᠢᠯᠡᠬᠦ ᠡᠷᠬᠡ ᠶᠢ ᠣᠯᠪᠠ᠃ ᠳᠡᠭᠡᠷ᠎ᠡ ᠳᠤᠷᠠᠳᠤᠭᠰᠠᠨ ᠲᠣᠭᠲᠠᠭᠠᠯ  ᠢ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠳᠤ ᠲᠣᠳᠣᠷᠬᠠᠶ ᠪᠢᠴᠢᠬᠦ ᠬᠡᠷᠡᠭᠲᠡᠶ᠂ ᠡᠭᠦᠨ ᠤ ᠬᠠᠮᠲᠤ ᠬᠤᠯᠪᠣᠭᠳᠠᠯ ᠪᠦᠬᠦᠢ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃     ᠭᠤᠴᠢᠳᠤᠭᠠᠷ ᠵᠦᠢᠯ ᠨᠢᠭᠡᠨᠲᠡ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠰᠠᠨ ᠭᠡᠷ ᠪᠦᠯᠢ ᠨᠢ ᠪᠠᠰᠠ ᠪᠤᠰᠤᠳ ᠣᠷᠣᠨ ᠰᠠᠭᠤᠴᠠ ᠬᠤᠳᠠᠯᠳᠤᠨ ᠠᠪᠤᠭᠰᠠᠨ  ᠪᠠᠶᠢᠪᠠᠯ᠂ ᠤᠤᠯ ᠤᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠵᠠᠰᠠᠭ ᠤᠨ ᠣᠷᠳᠣᠨ ᠠᠴᠠ ᠲᠣᠭᠲᠠᠭᠠᠯ ᠶᠣᠰᠣᠭᠠᠷ ᠵᠢᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠭᠡᠭᠦᠯᠦᠨ ᠬᠤᠳᠠᠯᠳᠤᠨ ᠠᠪᠬᠤ ᠬᠡᠷᠡᠭᠲᠡᠶ᠃ ᠵᠠᠰᠠᠭ ᠤᠨ ᠣᠷᠳᠣᠨ ᠤ ᠡᠭᠡᠭᠦᠯᠦᠨ ᠬᠤᠳᠠᠯᠳᠤᠨ ᠠᠪᠤᠭᠰᠠᠨ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠮᠥᠨ ᠬᠦ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠳᠤ ᠬᠡᠷᠡᠭᠯᠡᠨ᠎ᠡ᠃     ᠭᠤᠴᠢᠨ ᠨᠢᠭᠡᠳᠦᠭᠡᠷ ᠵᠦᠢᠯ ᠨᠢᠭᠡᠨᠲᠡ ᠠᠰᠠᠷᠠᠮᠵᠢ ᠶᠢᠨ ᠬᠤᠪᠢᠶᠠᠷᠢ ᠭᠡᠷ ᠪᠠᠶᠢᠰᠢᠩ ᠳᠤ ᠣᠷᠣᠯᠴᠠᠭᠰᠠᠨ ᠭᠡᠷ ᠪᠦᠯᠢ ᠨᠢ ᠬᠤᠪᠢᠶᠠᠭᠰᠠᠨ ᠭᠡᠷ ᠪᠠᠶᠢᠰᠢᠩ ᠢᠶᠠᠨ ᠪᠤᠴᠠᠭᠠᠬᠤ ᠠᠴᠠ ᠡᠮᠦᠨ᠎ᠡ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠬᠤᠳᠠᠯᠳᠤᠨ ᠠᠪᠴᠤ ᠪᠣᠯᠬᠤ ᠦᠭᠡᠢ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠨᠢᠭᠡᠨᠲᠡ ᠬᠤᠳᠠᠯᠳᠤᠨ ᠠᠪᠤᠭᠰᠠᠨ ᠭᠡᠷ ᠪᠦᠯᠢ ᠨᠢ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢ ᠳᠠᠬᠢᠵᠤ ᠬᠤᠳᠠᠯᠳᠤᠨ ᠠᠪᠴᠤ ᠪᠣᠯᠬᠤ ᠦᠭᠡᠢ᠃     ᠭᠤᠴᠢᠨ ᠬᠤᠶᠠᠳᠤᠭᠠᠷ ᠵᠦᠢᠯ ᠬᠤᠪᠢ ᠬᠥᠮᠦᠨ ᠨᠢᠭᠡᠨᠲᠡ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠠᠳ ᠪᠦ ᠷᠢᠨ ᠥᠮᠴᠢᠯᠡᠬᠦ ᠡᠷᠬᠡ ᠣᠯᠬᠤ ᠠᠴᠠ ᠡᠮᠦᠨ᠎ᠡ ᠲᠣᠭᠲᠠᠭᠠᠯ ᠠᠴᠠ ᠵᠥᠷᠢᠴᠡᠨ ᠳᠣᠣᠷᠠᠬᠢ ᠦᠢᠯᠡ ᠠᠵᠢᠯᠯᠠᠭ᠎ᠠ ᠶᠢᠨ  ᠨᠢᠭᠡ ᠶᠢ ᠬᠢᠭᠰᠡᠨ ᠪᠠᠶᠢᠪᠠᠯ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠢᠮᠳᠠ ᠲᠣᠬᠢᠯᠢᠭ ᠣᠷᠣᠨ ᠰᠠᠭᠤᠴᠠ ᠶᠢᠨ ᠬᠠᠮᠢᠶᠠᠷᠤᠯᠲᠠ ᠶᠢᠨ  ᠰᠠᠯᠠᠭ᠎ᠠ ᠮᠥᠴᠢᠷ ᠠᠴᠠ ᠬᠢᠮᠳᠠ ᠲᠣᠬᠢᠯᠢᠭ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠬᠠᠤᠯᠢ  ᠲᠤᠭᠳᠠᠭᠠᠯ ᠢ ᠦᠨᠳᠦᠰᠦᠯᠡᠨ ᠣᠷᠣᠨ ᠰᠠᠭᠤᠴᠠ ᠶᠢ ᠰᠤᠯᠠᠯᠠᠨ ᠪᠤᠴᠠᠭᠠᠬᠤ ᠪᠤᠶᠤ ᠲᠣᠭᠲᠠᠭᠠᠯ ᠢ ᠵᠥᠷᠢᠴᠡᠭᠰᠡᠨ ᠰᠢᠳᠬᠡᠯ  ᠢᠶᠠᠷ ᠰᠢᠢᠳᠪᠤᠷᠢᠯᠡᠨ᠎ᠡ᠃ ᠬᠤᠳᠠᠯᠳᠤᠨ ᠠᠪᠤᠭᠴᠢ ᠲᠣᠭᠲᠠᠭᠰᠠᠨ ᠬᠤᠭᠤᠴᠠᠭᠠᠨ ᠳᠣᠲᠣᠷ᠎ᠠ ᠰᠤᠯᠠᠯᠠᠨ ᠪᠤᠴᠠᠭᠠᠬᠤ  ᠰᠢᠢᠳᠪᠤᠷᠢᠯᠡᠬᠦ ᠲᠣᠭᠲᠠᠭᠠᠯ  ᠢ ᠬᠡᠷᠡᠭᠵᠢᠭᠦᠯᠬᠦ ᠦᠭᠡᠢ ᠪᠣᠯ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠷᠠᠳ ᠤᠨ ᠰᠢᠭᠦᠬᠦ  ᠬᠤᠷᠢᠶ᠎ᠠ ᠳᠤ ᠠᠯᠪᠠᠳᠠᠨ  ᠭᠦᠢᠴᠡᠳᠭᠡᠭᠦᠯᠬᠦ ᠪᠠᠷ ᠭᠤᠶᠤᠴᠢᠯᠠᠵᠤ ᠪᠣᠯᠤᠨ᠎ᠠ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ  ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠨᠢᠭᠡ︶ ᠡᠷᠦᠬᠡ ᠠᠮᠠ ᠶᠢᠨ ᠳᠠᠩᠰᠠ᠂ ᠭᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠡᠳ᠋ ᠬᠥᠷᠥᠩᠭᠡ᠂ ᠣᠷᠣᠨ ᠰᠠᠭᠤᠴᠠ  ᠵᠡᠷᠭᠡ ᠪᠠᠶᠢᠳᠠᠯ ᠢ ᠬᠤᠳᠠᠯ ᠢᠶᠠᠷ ᠮᠡᠳᠡᠭᠦᠯᠵᠦ ᠨᠢᠭᠤᠨ ᠳᠠᠯᠳᠠᠯᠠᠭᠠᠳ ᠬᠢᠮᠳᠠ ᠪᠥᠭᠡᠳ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠰᠠᠨ︔     ︵ᠬᠤᠶᠠᠷ︶ ᠲᠣᠭᠲᠠᠭᠠᠯ ᠢ ᠵᠥᠷᠢᠴᠡᠨ ᠣᠷᠣᠨ ᠰᠠᠭᠤᠴᠠ ᠶᠢᠨ ᠬᠡᠷᠡᠭᠴᠡᠭᠡ ᠶᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠬᠤᠳᠠᠯᠳᠤᠭᠰᠠᠨ᠂ ᠵᠠᠯᠭᠠᠮᠵᠢᠯᠠᠭᠰᠠᠨ᠂ ᠪᠡᠯᠡᠭᠯᠡᠭᠰᠡᠨ ᠪᠤᠶᠤ ᠳᠤᠷ᠎ᠠ ᠪᠠᠷ ᠢᠶᠠᠨ ᠬᠤᠪᠢᠷᠠᠭᠤᠯᠤᠭᠰᠠᠨ    ︵ᠭᠤᠷᠪᠠ︶ ᠬᠢᠮᠳᠠ ᠲᠣᠬᠢᠯᠢᠭ ᠣᠷᠣᠨ ᠰᠠᠭᠤᠴᠠ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠡᠯᠪᠢᠨ ᠵᠠᠰᠠᠵᠤ ᠬᠠ ᠮᠢᠶᠠᠷᠬᠤ ᠡᠭᠦᠷᠭᠡ ᠪᠠᠨ  ᠭᠦᠢᠴᠡᠳᠭᠡᠭᠰᠡᠨ ᠦᠭᠡᠢ ᠪᠠ ᠭᠡᠷ ᠪᠠᠶᠢᠰᠢᠩ ᠤᠨ ᠪᠦᠲᠦᠴᠡ᠂ ᠢᠵᠢ ᠪᠦᠷᠢᠳᠦᠭᠦᠯᠬᠦ  ᠲᠦᠬᠦᠭᠡᠷᠦᠮᠵᠢ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠦᠭᠡᠢ︔     ︵ᠲᠦᠷᠪᠡ︶ ᠬᠤᠳᠠᠯ ᠬᠠᠭᠤᠷᠮᠠᠭ ᠮᠠᠲ᠋ᠧᠷᠢᠶᠠᠯ᠂ ᠭᠡᠷᠡᠴᠢ ᠦᠨᠡᠮᠯᠡᠯ ᠬᠠᠩᠭᠠᠬᠤ᠂ ᠪᠣᠳᠠᠲᠤ ᠬᠡᠷᠡᠭ ᠢ ᠨᠢᠭᠤᠨ  ᠲᠠᠯᠲᠠᠯᠠᠬᠤ ᠵᠡᠷᠭᠡ ᠵᠦᠶ ᠪᠤᠰᠤ ᠠᠷᠭ᠎ᠠ ᠪᠠᠷᠢᠯ ᠢᠶᠠᠷ ᠬᠢᠮᠳᠠ ᠬᠡᠷᠡᠭᠴᠡᠭᠡᠲᠦ ᠣᠷᠣᠨ ᠰᠠᠭᠤᠴᠠ ᠶᠢ ᠮᠡᠬᠡᠯᠡᠨ ᠠᠪᠤᠭᠰᠠᠨ     ︵ᠲᠠᠪᠤ︶ ᠨᠢᠭᠡᠨᠲᠡ ᠬᠤᠳᠠᠯᠳᠤᠨ ᠠᠪᠤᠭᠰᠠᠨ ᠬᠢᠮᠳᠠ ᠬᠡᠷᠡᠭᠴᠡᠭᠡᠲᠦ ᠣᠷᠣᠨ ᠰᠠᠭᠤᠴᠠ ᠶᠢᠨ ᠳᠣᠲᠣᠷ᠎ᠠ ᠬᠠᠤᠯᠢ ᠶᠢ  ᠵᠦᠷᠢᠴᠡᠭᠰᠡᠨ ᠠᠵᠢᠯᠯᠠᠭ᠎ᠠ ᠬᠢᠭᠰᠡᠨ︔    ︵ᠵᠢᠷᠭᠤᠭ᠎ᠠ︶ ᠬᠤᠳᠠᠯᠳᠤᠨ ᠠᠪᠤᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ ᠲᠣᠭᠲᠠᠭᠠᠯ ᠶᠣᠰᠣᠭᠠᠷ  ᠱᠠᠭᠠᠷᠳᠠᠯᠭ᠎ᠠ ᠶᠣᠰᠣᠭᠠᠷ ᠣᠷᠣᠨ ᠰᠠᠭᠤᠴᠠ ᠪᠠ ᠬᠠᠷᠢᠶ᠎ᠠ ᠣᠷᠣᠨ ᠤ ᠳᠣᠲᠣᠷᠠᠬᠢ ᠬᠦᠨᠳᠦ᠂ ᠣᠨᠴᠠ ᠶᠡᠭᠡ ᠠᠳᠡᠯ ᠭᠠᠷᠭᠠᠭᠰᠠᠨ᠃          ᠨᠠᠢᠮᠠᠳᠤᠭᠠᠷ ᠪᠦᠯᠦᠭ ᠬᠢᠨᠠᠵᠤ ᠬᠠᠮᠢᠶᠠᠷᠬᠤ    ᠭᠤᠴᠢᠨ ᠭᠤᠷᠪᠠᠳᠤᠭᠠᠷ ᠵᠦᠢᠯ ᠰᠢᠶᠠᠨ ᠤ ᠠᠷᠠᠳ ᠤᠨ ᠵᠠᠰᠠᠭ ᠤᠨ ᠣᠷᠳᠣᠨ ᠨᠢᠭᠡᠨᠲᠡ ᠬᠤᠳᠠᠯᠳᠤᠨ ᠠᠪᠤᠭᠰᠠᠨ ᠬᠢᠮᠳᠠ ᠲᠣᠬᠢᠯᠢᠭ ᠣᠷᠣᠨ ᠰᠠᠭᠤᠴᠠ ᠶᠢᠨ ᠵᠠᠯᠭᠠᠮᠵᠢ ᠬᠠᠮᠢᠶᠠᠷᠤᠯᠲᠠ ᠪᠠᠨ ᠴᠢᠩᠭᠠᠳᠬᠠᠵᠤ᠂ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠢᠭᠡᠨᠲᠡ ᠬᠤᠳᠠᠯᠳᠤᠨ ᠠᠪᠤᠭᠰᠠᠨ ᠬᠢᠮᠳᠠ ᠪᠥᠭᠡᠳ ᠲᠣᠬᠢᠯᠢᠭ ᠣᠷᠣᠨ ᠰᠠᠭᠤᠴᠠ ᠶᠢᠨ ᠭᠡᠷ ᠪᠦᠯᠢ ᠶᠢᠨ ᠣᠷᠣᠰᠢᠨ ᠰᠠᠭᠤᠬᠤ ᠬᠥᠮᠦᠰ᠂ ᠭᠡᠷ ᠪᠠᠶᠢᠰᠢᠩ ᠤᠨ ᠬᠡᠷᠡᠭᠯᠡᠯᠲᠡ ᠵᠡᠷᠭᠡ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ  ᠪᠠᠶᠢᠴᠠᠭᠠᠯᠳᠡ ᠬᠢᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃   ᠭᠤᠴᠢᠨ ᠳᠥᠷᠪᠡᠳᠦᠭᠡᠷ  ᠵᠤᠶᠢᠯ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ  ᠰᠠᠯᠠᠭ᠎ᠠ ᠮᠥᠴᠢᠷ ᠨᠢ ᠬᠢᠮᠳᠠ ᠲᠣᠬᠢᠯᠢᠭ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶᠠᠨ ᠤ ᠳᠤᠮᠳᠠᠬᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ  ᠰᠢᠢᠳᠪᠤᠷᠢᠯᠡᠬᠦ ᠪᠠᠨ ᠴᠢᠩᠭᠠᠳᠬᠠᠬᠤ ᠬᠡᠷᠡᠭᠲᠡᠶ᠃    ︵ᠨᠢᠭᠡ︶ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ  ᠢ ᠳᠤᠷ᠎ᠠ ᠪᠠᠷ ᠢᠶᠠᠨ ᠬᠤᠪᠢᠷᠠᠭᠤᠯᠤᠭᠰᠠᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ  ᠪᠦᠬᠦᠢ ᠲᠣᠭᠲᠠᠭᠠᠯ ᠶᠣᠰᠣᠭᠠᠷ  ᠰᠢᠳᠭᠡᠨ ᠲᠣᠷᠭᠠᠨ᠎ᠠ᠃    ︵ᠬᠤᠶᠠᠷ︶ ᠬᠢᠮᠳᠠ ᠪᠥᠭᠡᠳ ᠲᠣᠬᠢᠷᠠᠭᠰᠠᠨ ᠣᠷᠣᠨ ᠰᠠᠭᠤᠴᠠ ᠶᠢᠨ ᠪᠣᠷᠣᠯᠠᠭᠤᠯᠤᠨ ᠬᠤᠳᠠᠯᠳᠤᠬᠤ ᠦᠨ᠎ᠡ ᠬᠠᠩᠰᠢ  ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠶ᠋ᠳᠬᠡᠨ ᠲᠣᠷᠭᠠᠨ᠎ᠠ᠃    ᠭᠤᠴᠢᠨ ᠲᠠᠪᠤᠳᠤᠭᠠᠷ ᠵᠦᠢᠯ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠬᠢᠮᠳᠠ ᠲᠣᠬᠢᠯᠢᠭ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠶᠠᠪᠤᠴᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ  ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠯᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ  ᠵᠦᠷᠢᠴᠡᠭᠰᠡᠨ ᠪᠠᠶᠢᠪᠠᠯ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ  ᠰᠢᠢᠳᠪᠤᠷᠢᠯᠡᠭᠦᠯᠦᠨ᠎ᠡ᠃    ᠭᠤᠴᠢᠨ ᠵᠢᠷᠭᠤᠳᠤᠭᠠᠷ  ᠵᠤᠶᠢᠯ ᠶᠠᠮᠠᠷᠪᠠ ᠨᠢᠭᠡᠴᠢ ᠪᠠ ᠬᠤᠪᠢ ᠬᠥᠮᠦᠨ ᠲᠤᠰ ᠬᠡᠷᠡᠭᠵᠢᠭᠦᠯᠬᠦ ᠨᠠᠷᠢᠨ ᠲᠦᠷᠢᠮ ᠤᠨ  ᠲᠤᠭᠳᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠤᠬᠤ ᠡᠷᠬᠡ ᠲᠠᠢ᠃    ᠭᠤᠴᠢᠨ ᠳᠣᠯᠣᠳᠤᠭᠠᠷ  ᠵᠤᠶᠢᠯ ᠲᠤᠰ ᠬᠡᠷᠡᠭᠵᠢᠭᠦᠯᠬᠦ ᠨᠠᠷᠢᠨ ᠳᠦᠷᠢᠮ ᠢ ᠰᠢᠶᠠᠨ ᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠲᠠᠶᠢᠯᠪᠤᠷᠢᠯᠠᠨ᠎ᠠ᠃    ᠭᠤᠴᠢᠨ ᠨᠠᠢᠮᠠᠳᠤᠭᠠᠷ  ᠵᠤᠶᠢᠯ ᠲᠣᠰ ᠬᠡᠷᠡᠭᠵᠢᠭᠦᠯᠬᠦ ᠨᠠᠷᠢᠨ ᠳᠦᠷᠢᠮ  ᠢ ᠨᠡᠶᠢᠲᠡᠯᠡᠭᠰᠡᠨ ᠡᠳᠦᠷ ᠠᠴᠠ ᠡᠬᠢᠯᠡᠨ  ᠬᠡᠷᠡᠭᠵᠢᠭᠦᠯᠦᠨ᠎ᠡ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2