ᠮᠠᠨ ᠤ ᠰᠢᠶᠠᠨ ᠮᠥᠩᠭᠦᠨ  ᠭᠦᠢᠯᠭᠡᠭᠡᠨ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠳᠡᠮᠵᠢᠯᠭᠡ ᠦᠵᠡᠭᠦᠯᠵᠦ  ᠪᠠᠩᠬᠢ ᠠᠵᠤ ᠠᠬᠤᠶᠢᠯᠠᠯ ᠢ ᠵᠣᠯᠭᠠᠭᠤᠯᠵᠤ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-03-11
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠤᠶᠢᠯᠡᠳᠪᠤᠷᠢᠯᠡᠯ ᠤᠨ ᠠᠯᠢ ᠶᠢ ᠨᠢ ᠴᠦ ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠮᠥᠩᠭᠦᠨ  ᠭᠦᠢᠯᠭᠡᠭᠡᠨ  ᠤ ᠲᠠᠷᠢᠶᠠᠯᠠᠩ ᠢ ᠳᠡᠮᠵᠢᠬᠦ ᠡᠯ᠎ᠡ  ᠵᠤᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 9 ᠤ ᠡᠳᠦᠷ᠂ ᠮᠠᠨ ᠤ ᠰᠢᠶᠠᠨ ᠮᠥᠩᠭᠦᠨ ᠭᠦᠢᠯᠭᠡᠭᠡᠨ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠳᠤ ᠳᠡᠮᠵᠢᠯᠭᠡ ᠦᠵᠡᠭᠦᠯᠵᠦ  ᠪᠠᠩᠬᠢ ᠠᠵᠤ ᠠᠬᠤᠶᠢᠯᠠᠯ ᠢ ᠵᠣᠯᠭᠠᠭᠤᠯᠤᠨ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ  ᠦᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠴᠧᠨ ᠸᠧᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠠᠩ ᠯᠢ  ᠸᠧᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
        ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠴᠧᠨ ᠸᠧᠢ᠂ ᠬᠠᠮᠲᠤ ᠪᠠᠷ ᠠᠰᠢᠭ ᠬᠦᠷᠳᠡᠬᠦ ᠤᠢᠢᠯᠠᠭᠠᠭᠳᠠᠬᠤᠨ ᠢ ᠪᠤᠢ ᠪᠣᠯᠭᠠᠵᠤ᠂ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠠᠩᠬᠢ ᠠᠵᠤ ᠠᠬᠤᠶᠢᠯᠠᠯ ᠤᠨ  ᠬᠤᠭᠤᠷᠤᠨᠳᠤ ᠪᠠᠨ ᠬᠤᠶᠠᠷ ᠴᠢᠭᠯᠡᠯ ᠢᠶᠠᠷ ᠬᠠᠮᠲᠤ ᠪᠠᠷ ᠪᠠᠶᠢᠭᠤᠯᠵᠤ᠂ ᠬᠠᠷᠢᠯᠴᠠᠨ ᠳᠡᠮᠵᠢᠪᠡᠯ ᠰᠠᠶ᠋ᠢ ᠬᠠᠮᠲᠤᠪᠠᠷ ᠣᠷᠣᠰᠢᠨ ᠲᠣᠭᠲᠠᠨᠢᠵᠤ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ ᠴᠢᠳᠠᠨ᠎ᠠ ᠭᠡᠵᠦ ᠱᠠᠭᠠᠷᠳᠠᠪᠠ᠃ ᠡᠯ᠎ᠡ ᠠᠵᠤ ᠠᠬᠤᠶᠢᠯᠠᠯ᠂ ᠬᠤᠷᠰᠢᠶ᠎ᠠ᠂ ᠲᠠᠷᠢᠶᠠᠴᠢᠨ ᠡᠷᠦᠬᠡ ᠦᠨᠡᠨᠴᠢ ᠢᠲᠡᠭᠡᠯ ᠢᠶᠠᠷ ᠦᠨᠳᠦᠰᠦ ᠪᠣᠯᠭᠠᠵᠤ᠂ ᠠᠵᠤ ᠠᠬᠤᠶᠢᠯᠠᠯ ᠤᠨ ᠢᠲᠡᠭᠡᠯ ᠬᠦᠨᠳᠦ ᠶᠢ ᠰᠠᠶᠢᠲᠤᠷ ᠬᠠᠮᠠᠭᠠᠯᠠᠵᠤ᠂ ᠪᠠᠩᠬᠢ ᠳᠤ ᠵᠢᠭᠡᠯᠡᠯᠭᠡ ᠲᠠᠯᠪᠢᠬᠤ ᠳᠠᠭᠠᠨ  ᠦᠪᠡᠷ ᠤᠨ ᠡᠵᠡᠩᠨᠡᠯᠲᠡ ᠶᠢᠨ  ᠪᠠᠶᠢᠳᠠᠯ ᠪᠠ ᠡᠳ᠋ ᠤᠨ ᠶᠠᠪᠤᠳᠠᠯ ᠤᠨ ᠪᠠᠶᠢᠳᠠᠯ ᠢᠶᠠᠨ ᠦᠨᠡᠨ ᠪᠣᠳᠠᠲᠠᠶ ᠪᠠᠷ ᠲᠤᠰᠬᠠᠵᠤ᠂ ᠲᠣᠭᠲᠠᠭᠰᠠᠨ ᠬᠡᠷᠡᠭᠴᠡᠭᠡ ᠶᠢ ᠴᠢᠩᠭ᠎ᠠ ᠵᠢᠷᠤᠮᠯᠠᠨ ᠪᠠᠯᠠ ᠮᠥᠩᠭᠦ ᠶᠢ ᠬᠡᠷᠡᠭᠯᠡᠵᠦ᠂ ᠴᠠᠭ ᠲᠤᠬᠠᠶ ᠳᠤᠨᠢ ᠡᠬᠡ ᠬᠦᠤ ᠲᠠᠢ ᠨᠢ ᠪᠤᠴᠠᠭᠠᠵᠤ᠂ ᠨᠠᠩ ᠶᠡᠭᠡ ᠪᠠᠯᠠ ᠮᠥᠩᠭᠦ ᠶᠢᠨ ᠳᠡᠮᠵᠢᠯᠭᠡ ᠶᠢ ᠣᠯᠬᠤ ᠬᠡᠷᠡᠭᠲᠡᠶ᠃ ᠡᠯ᠎ᠡ ᠮᠥᠩᠭᠦᠨ  ᠭᠦᠢᠯᠭᠡᠭᠡᠨ  ᠤ ᠪᠠᠶᠢᠭᠤᠯᠤᠮᠵᠢ ᠨᠤᠭᠤᠳ ᠪᠦᠬᠦ ᠰᠢᠶᠠᠨ ᠤ ᠶᠡᠭᠡ ᠲᠠᠯ᠎ᠠ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠷᠲᠡᠭᠰᠡᠨ ᠬᠥᠷᠥᠩᠭᠡ ᠶᠢᠨ ᠡᠵᠡᠩᠨᠡᠨ ᠪᠣᠷᠣᠯᠠᠭᠤᠯᠬᠤ  ᠠᠵᠦ ᠠᠬᠤᠶᠢᠯᠠᠯ᠂ ᠲᠠᠷᠢᠵᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠭᠤᠤᠯᠳᠠᠯᠭ᠎ᠠ ᠲᠠᠢ ᠠᠩᠬᠠᠷᠴᠤ᠂  ᠡᠷᠦᠬᠡ ᠳᠤ ᠣᠷᠣᠭᠤᠯᠵᠤ ᠵᠣᠯᠭᠠᠭᠤᠯᠬᠤ᠂ ᠬᠢᠨᠠᠨ ᠬᠠᠷᠭᠤᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠢᠳᠡᠪᠬᠢᠲᠡᠶ ᠥᠷᠨᠢᠭᠦᠯᠵᠦ᠂ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠨ᠂ ᠵᠢᠭᠡᠯᠡᠯᠭᠡ ᠠᠪᠬᠤ  ᠶᠤᠰᠤᠳᠠᠢ ᠪᠣᠯ ᠪᠦᠬᠦᠨ ᠢ ᠵᠢᠭᠡᠯᠡᠯᠭᠡ ᠲᠠᠯᠪᠢᠵᠤ᠂ ᠡᠷᠲᠡᠬᠡᠨ ᠡᠷᠦᠬᠡ ᠳᠤ ᠬᠦᠷᠲᠡᠯ᠎ᠡ ᠵᠢᠭᠡᠯᠡᠯᠭᠡ ᠲᠠᠯᠪᠢᠬᠤ ᠪᠠᠷ ᠴᠢᠷᠮᠠᠶᠢᠬᠤ ᠬᠡᠷᠡᠭᠲᠡᠶ᠃ ᠪᠦᠬᠦ ᠰᠢᠶᠠᠨ ᠤ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠣᠬᠢᠴᠠᠭᠤᠯᠭ᠎ᠠ ᠪᠠᠨ  ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠪᠦᠲᠦᠮᠵᠢᠲᠡᠶ ᠵᠠᠯᠭᠠᠯᠳᠤᠭᠰᠠᠨ᠂ ᠰᠠᠶᠢᠨ ᠨᠥᠬᠦᠴᠡᠯᠳᠦᠭᠰᠡᠨ᠂ ᠬᠠᠮᠲᠤ ᠪᠠᠷ  ᠬᠦᠭᠵᠢᠭᠰᠡᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ  
      ᠠᠵᠢᠯᠯᠠᠭ᠎ᠠ ᠶᠢᠨ ᠠᠬᠤᠶ ᠲᠠᠯᠠᠪᠠᠶ ᠳᠤ᠂ ᠮᠠᠨ ᠤ ᠰᠢᠶᠠᠨ ᠤ 6 ᠮᠥᠩᠭᠦᠨ  ᠭᠦᠢᠯᠭᠡᠭᠡᠨ ᠤ ᠪᠠᠶᠢᠭᠤᠯᠤᠮᠵᠢ 16 ᠲᠠᠷᠢᠶᠠᠯᠠᠩ ᠤᠨ ᠤᠶᠢᠯᠡᠳᠪᠤᠷᠢᠯᠡᠯ ᠤᠨ ᠬᠡᠷᠡᠭᠰᠡᠯ ᠤᠨ ᠠᠵᠤ ᠠᠬᠤᠶᠢᠯᠠᠯ᠂ 66 ᠲᠠᠷᠢᠮᠠᠯ ᠤᠨ ᠲᠣᠮᠣ ᠡᠷᠦᠬᠡ ᠲᠠᠢ ᠭᠡᠷ᠎ᠡ ᠲᠣᠭᠲᠠᠵᠤ᠂ 82 ᠬᠤᠪᠢ ᠪᠠᠯᠠ ᠳᠣᠭᠢᠷᠠᠭᠤᠯᠬᠤ ᠰᠠᠨᠠᠮᠵᠢ ᠲᠠᠢ ᠪᠣᠯᠵᠣ᠂ 3645 ᠲᠦᠮᠡᠨ ᠲᠥᠭᠦᠷᠢᠭ ᠤᠨ ᠪᠠᠯᠠ  ᠲᠤᠬᠢᠷᠠᠭᠤᠯᠤᠭᠰᠠᠨ ᠪᠠᠶᠢᠨ᠎ᠠ᠃ 
        ᠵᠠᠰᠠᠭ ᠤᠨ ᠣᠷᠳᠣᠨ ᠤ ᠠᠯᠪᠠᠨ ᠬᠡᠷ᠂ ᠮᠥᠩᠭᠦᠨ  ᠭᠦᠢᠯᠭᠡᠭᠡᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠮᠥᠩᠭᠦᠨ  ᠭᠦᠢᠯᠭᠡᠭᠡᠨ ᠤ ᠰᠠᠯᠠᠭ᠎ᠠ ᠮᠥᠴᠢᠷ ᠤᠨ  ᠬᠠᠷᠢᠭᠤᠴᠠᠯᠭᠠᠳᠠᠨ᠂ ᠬᠡᠰᠡᠭ ᠲᠠᠷᠢᠮᠠᠯ ᠤᠨ ᠲᠣᠮᠣ ᠡᠷᠦᠬᠡ ᠶᠢᠨ ᠲᠥᠯᠥᠭᠡᠯᠡᠭᠴᠢ ᠭᠡᠷ᠎ᠡ ᠲᠣᠭᠲᠠᠬᠤ ᠠᠵᠢᠯᠯᠠᠭ᠎ᠠ ᠳᠤ ᠣ‌‍ᠷᠣᠯᠴᠠᠪᠠ᠃ ︵ᠰᠤᠷᠪᠤᠯᠵᠢᠯᠠᠭᠴᠢ᠄ ᠯᠢ ᠰᠢᠶᠤᠤ ᠬᠤᠶ ᠴᠧᠨ ᠶᠦᠨ︶                                                                                                       ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                   ᠤᠷᠴᠢᠭᠤᠯᠤᠭᠴᠢ᠄ ᠼᠦᠢ ᠴᠢᠩ                                   ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2