ᠱᠢ ᠬᠤᠩ ᠹᠧᠩ ᠳᠡᠳ᠋ ᠶᠡᠷᠦᠩᠬᠡᠶ ᠵᠠᠬᠢᠷᠤᠭᠴᠢ  ᠰᠦᠯᠵᠢᠶᠡᠨ ᠳᠡᠭᠡᠷ᠎ᠡ ᠰᠤᠷᠤᠯᠴᠠᠵᠤ  ᠲᠡᠶᠢᠯᠦᠭᠰᠡᠨ ᠦᠭᠡᠢ ᠰᠤᠷᠤᠭᠴᠢ ᠳᠤ ᠲᠤᠬᠠᠶ ᠶᠢᠨ ᠭᠠᠵᠠᠷ ᠤᠨ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-03-12
     ᠪᠥᠬᠦ ᠰᠢᠶᠠᠨ ᠤ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠡᠬᠢᠯᠡᠬᠦ  ᠬᠤᠭᠤᠴᠠᠭᠠᠨ ᠳᠤ ᠬᠢᠴᠢᠶᠡᠯ  ᠵᠤᠭᠰᠤᠭᠰᠠᠨ ᠴᠦ ᠰᠤᠷᠤᠯᠴᠠᠯᠭ᠎ᠠ  ᠪᠠᠨ ᠵᠤᠭᠰᠤᠬᠤ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠤᠷᠭᠠᠨ  ᠬᠦᠮᠦᠵᠢᠯ ᠤᠨ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠂ ᠦᠨᠳᠦᠰᠦᠨ ᠰᠤᠷᠭᠠᠨ ᠬᠥᠮᠦᠵᠢᠯ᠂ ᠴᠠᠬᠢᠯᠭᠠ  ᠤ ᠰᠤᠷᠭᠠᠨ ᠬᠥᠮᠦᠵᠢᠯ᠂ ᠵᠢᠭᠠᠨ ᠰᠤᠷᠭᠠᠯᠲᠠ ᠰᠤᠳᠤᠯᠭᠠᠨ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠬᠠᠮᠵᠢᠯᠴᠠᠨ ᠠᠬᠢᠭᠤᠯᠵᠤ᠂ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ  ᠠᠪᠬᠤ︾ ᠵᠠᠷᠴᠢᠮ ᠶᠣᠰᠣᠭᠠᠷ᠂ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠲᠠᠪᠴᠠᠩ ᠪᠣᠯᠤᠨ ᠠᠷᠭ᠎ᠠ ᠪᠠᠷᠢᠯ ᠢ  ᠭᠦᠢᠴᠡᠳ ᠠᠰᠢᠭᠯᠠᠨ᠂ 3 ᠰᠠᠷ᠎ᠠ ᠶᠢᠨ 2 ᠤᠨ ᠡᠳᠦᠷ ᠠᠴᠠ ᠡᠬᠢᠯᠡᠨ ᠳᠤᠮᠳᠠᠳᠤ ᠪᠠᠭ᠎ᠠ ᠰᠤᠷᠭᠠᠭᠤᠯᠢ  ᠶᠢᠨ ᠰᠤᠷᠤᠭᠴᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂  ᠬᠢᠵᠢᠭ  ᠢ ᠰᠡᠷᠭᠡᠶᠢᠯᠡᠨ ᠡᠵᠡᠮᠳᠡᠬᠦ ᠪᠠ ᠵᠢᠭᠠᠨ ᠰᠤᠷᠭᠠᠬᠤ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃     ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ  ᠴᠢᠩᠭᠠᠳᠬᠠᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ  ᠶᠢᠨ ᠲᠥᠯᠥᠭᠡ᠂ ᠡᠯ᠎ᠡ ᠰᠤᠷᠭᠠᠭᠤᠯᠢ ᠶᠢᠨ ᠪᠠᠭᠰᠢ᠂ ᠬᠡᠷ ᠤᠨ ᠠᠬᠠᠮᠠᠳ ᠤᠨ ᠨᠢᠭᠡᠳᠦᠯᠲᠡᠶ  ᠲᠠᠩᠰᠠᠯᠠᠭᠤᠯᠤᠭᠰᠠᠨ‌‍ᠰᠦ᠋ᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠲᠠᠪᠴᠠᠩ ᠳᠡᠭᠡᠷ᠎ᠡ ︽ᠬᠠᠳᠠᠭᠠᠰᠤ ᠬᠠᠲᠠᠬᠤ︾ ᠪᠠᠷ ᠪᠠᠭᠰᠢ  ᠰᠤᠷᠤᠭᠴᠢᠳ ᠤᠨ ᠰᠢᠭᠤᠳ ᠨᠡᠪᠲᠡᠷᠡᠭᠦᠯᠦᠨ ᠬᠢᠴᠢᠶᠡᠯᠯᠡᠬᠦ᠂ ᠬᠠᠷᠢᠯᠴᠠᠨ ᠬᠥᠳᠡᠯᠦᠯᠴᠡᠵᠦ ᠠᠰᠠᠭᠤᠯᠲᠠ ᠬᠠᠷᠢᠭᠤᠯᠬᠤ ᠵᠡᠷᠭᠡ  ᠤᠶᠢᠯᠡᠴᠢᠯᠡᠭᠡ  ᠬᠠᠩᠭᠠᠪᠠ᠃ ᠣᠳᠣᠬᠠᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠨᠡᠶᠢᠲᠡ 8152 ᠰᠣᠷᠣᠭᠴᠢ ᠳᠠᠩᠰᠠᠯᠠᠭᠤᠯᠵᠤ᠂ ᠳᠠᠩᠰᠠᠯᠠᠭᠤᠯᠤᠭᠰᠠᠨ ᠥᠬᠡᠶ ᠰᠣᠷᠣᠭᠴᠢ 39 ᠪᠠᠶᠢᠵᠤ᠂ ᠳᠠᠩᠰᠠᠯᠠᠭᠤᠯᠤᠭᠰᠠᠨ ᠨᠣᠷᠮ᠎ᠠ 99.5% ᠳᠤ ᠬᠦᠷᠴᠡᠶ᠃ ᠵᠢᠭᠠᠨ ᠰᠤᠷᠭᠠᠯᠲᠠ ᠶᠢᠨ ᠵᠢᠯᠣᠭᠤᠳᠬᠤ ᠲᠥᠪ ᠤᠨ ᠰᠢᠰᠲ᠋ᠧᠮ ᠤᠨ ᠴᠤᠭᠯᠠᠭᠤᠯᠤᠨ ᠨᠡᠶᠢᠯᠡᠭᠦᠯᠬᠦ ᠲᠣᠭᠤᠷᠢᠭ᠂ ᠬᠤᠲᠠ  ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠴᠢᠶᠡᠯ ᠤᠨ ᠲᠠᠩᠬᠢᠮ ᠤᠨ ᠪᠣᠳᠠᠲᠤ ᠲᠡᠮᠳᠡᠭᠯᠡᠯ᠂ ᠪᠢᠴᠢᠯ  ᠬᠡᠴᠢᠶᠡᠯ ᠢ ᠴᠤᠭᠯᠠᠭᠤᠯᠬᠤ ᠶᠢᠨ ᠬᠠᠮᠲᠤ ᠨᠠᠷᠠᠲᠤ ᠪᠠᠭᠰᠢ ᠶᠢᠨ ᠠᠵᠢᠯᠯᠠᠬᠤ ᠲᠠᠰᠤᠭ᠂ ᠭᠤᠤᠯᠯᠠᠭᠴᠢ ᠪᠠᠭᠰᠢ ᠶᠢᠨ  ᠤᠶᠢᠯᠡᠳᠤᠯ ᠢ ᠪᠠᠳᠠᠷᠠᠭᠤᠯᠵᠤ᠂ 2 ᠰᠠᠷ᠎ᠠ ᠶᠢᠨ 18 ᠤ ᠡᠳᠦᠷ ᠠᠴᠠ ᠡᠬᠢᠯᠡᠨ᠂ 34 ᠪᠠᠭᠰᠢ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠬᠢᠴᠢᠶᠡᠯ ᠢ ᠰᠢᠩᠭᠡᠭᠡᠨ ᠠᠪᠴᠤ 43 ᠬᠢᠴᠢᠶᠡᠯ ᠣᠷᠣᠬᠤ ᠦᠶᠡᠰ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠲᠠᠪᠴᠠᠩ ᠢᠶᠠᠷ ᠰᠢᠭᠤᠳ ᠨᠡᠪᠲᠡᠷᠡᠭᠦᠯᠦᠨ ᠳᠡᠯᠭᠡᠨ ᠦᠵᠡᠭᠦᠯᠦᠨ᠎ᠡ᠃
           ᠳᠠᠩᠰᠠᠯᠠᠭᠤᠯᠤᠭᠠᠳᠤᠶ ᠰᠤᠷᠤᠭᠴᠢᠳ ᠤᠨ ᠪᠣᠳᠠᠲᠤ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠣᠶᠢᠯᠠᠭᠠᠬᠤ ᠶᠢᠨ  ᠲᠦᠯᠦᠭᠡ᠂ 3 ᠰᠠᠷ᠎ᠠ ᠶᠢᠨ 4 ᠤ ᠡᠳᠦᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋  ᠶᠡᠷᠦᠩᠬᠡᠢ ᠵᠠᠬᠢᠷᠤᠭᠴᠢ ᠱᠢ ᠬᠤᠩ ᠹᠧᠩ  ᠵᠡᠷᠭᠡ 5 ᠬᠥᠮᠦᠨ  ᠮᠠᠶᠢᠬᠠᠨᠳᠤ ᠭᠤᠤᠯ ᠰᠤᠷᠭᠠᠭᠤᠯᠢ ᠳᠤ  ᠭᠦᠨᠵᠡᠭᠡᠶᠢᠷᠡᠵᠤ ᠪᠠᠶᠢᠭ᠎ᠠ ᠬᠡᠰᠡᠭ ᠰᠤᠷᠤᠭᠴᠢᠳ ᠤᠨ ᠬᠡᠷ ᠪᠦᠯᠢ ᠳᠤ ᠬᠦᠷᠴᠦ᠂ ᠰᠦᠯᠵᠢᠶᠡᠨ ᠳᠡᠭᠡᠷ᠎ᠡ ᠰᠤᠷᠤᠯᠴᠠᠵᠤ ᠳᠡᠶᠢᠯᠬᠦ ᠥᠬᠡᠶ ᠰᠤᠷᠤᠭᠴᠢᠳ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠰᠣᠷᠣᠭᠴᠢ ᠶᠢᠨ ᠬᠡᠷ ᠪᠦᠯᠢ ᠳᠤ ᠣᠶᠤᠨᠯᠢᠭ ᠭᠠᠷ ᠤᠲᠠᠰᠤ ᠥᠬᠡᠶ᠂ ᠰᠦᠯᠵᠢᠶ᠎ᠡ ᠬᠤᠯᠪᠣᠵᠤ ᠳᠡᠶᠢᠯᠬᠦ ᠥᠬᠡᠶ᠂ ᠬᠡᠷ ᠤᠨ ᠠᠬᠠᠮᠠᠳ ᠰᠦᠯᠵᠢᠶ᠎ᠡ ᠮᠡᠳᠡᠬᠦ ᠥᠬᠡᠶ᠂ ᠥᠰᠥᠭ ᠲᠠᠨᠢᠬᠤ  ᠦᠬᠡᠢ᠂ ᠪᠣᠳᠠᠲᠠᠶ ᠬᠢᠵᠦ ᠴᠢᠳᠠᠬᠤ ᠥᠬᠡᠶ ᠵᠡᠷᠭᠡ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠬᠠᠨᠳᠤᠯᠭᠠᠲᠤ  ᠴᠢᠨᠠᠷᠳᠠᠢ  ᠰᠢᠢᠳᠪᠤᠷᠢᠯᠡᠬᠦ ᠠᠷᠭ᠎ᠠ ᠶᠢ ᠳᠤᠷᠠᠳᠤᠨ ᠭᠠᠷᠭᠠᠪᠠ᠃ ᠡᠭᠦᠨ ᠤ ᠬᠠᠮᠲᠤ᠂ ᠰᠤᠷᠭᠠᠭᠤᠯᠢ᠂ ᠠᠩᠭᠢ ᠶᠢᠨ ᠡᠷᠬᠢᠯᠡᠭᠴᠢ ᠪᠢᠴᠢᠯ ᠵᠠᠬᠢᠳᠠᠯ᠂ ᠤᠲᠠᠰᠤ ᠵᠡᠷᠭᠡ ᠶᠢ ᠠᠰᠢᠭᠯᠠᠨ ᠬᠡᠷ ᠤᠨ ᠠᠬᠠᠮᠠᠳ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠰᠤᠷᠤᠭᠴᠢᠳ ᠤᠨ ᠡᠯ᠎ᠡ ᠬᠢᠴᠢᠶᠡᠯ ᠲᠥᠷᠥᠯ ᠤᠨ  ᠰᠤᠷᠤᠯᠴᠠᠬᠤ ᠡᠭᠦᠷᠭᠡ ᠶᠢ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠤᠨ ᠰᠤᠷᠤᠭᠴᠢᠳ ᠤᠨ ᠰᠤᠷᠤᠯᠭ᠎ᠠ ᠳᠤ ᠦᠵᠡᠭᠦᠯᠬᠦ  ᠨᠦᠯᠦᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠦ ᠱᠠᠭᠠᠷᠳᠠᠪᠠ᠃                                                                                                                       ᠤᠷᠴᠢᠭᠤᠯᠤᠭᠴᠢ᠄ ᠼᠦᠢ ᠴᠢᠩᠢᠷᠡᠯᠳᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2