ᠮᠠᠨ ᠤ ᠰᠢᠶᠠᠨ ᠬᠤᠪᠢᠶᠠᠷᠢ ᠬᠤᠷᠠᠯ ᠤᠨ ᠲᠠᠯᠠᠪᠠᠢ ᠳᠤ ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ  ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-03-16
  3 ᠰᠠᠷ᠎ᠠ ᠶᠢᠨ 13 ᠤ ᠡᠳᠦᠷ᠂ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ  ᠠᠵᠢᠯ  ᠤᠨ ᠲᠧᠯᠸᠢᠰ  ᠤᠳᠠᠰᠤ ᠬᠤᠷᠠᠯ ᠬᠥᠬᠡᠬᠤᠲᠠ ᠳᠤ ᠬᠤᠷᠠᠯᠳᠤᠵᠤ᠂ 2019 ᠣᠨ ᠤ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠮᠠᠨ ᠤ ᠰᠢᠶᠠᠨ ᠤ ᠤᠳᠤᠷᠢᠳᠤᠯᠭ᠎ᠠ ᠢᠦᠢ ᠳ᠋ᠠᠢ ᠴᠢᠩ᠂  ᡂᠢ ᠵᠢᠶᠠᠨ ᠹᠧᠩ᠂ ᠳ᠋ᠦᠩ ᠶᠦᠩ ᠰᠢᠶᠠᠩ᠂ ᠱᠢ ᠼᠦᠢ ᠴᠢᠨ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ  ᠳᠤ ᠣᠷᠣᠯᠴᠠᠪᠠ᠃
 
      ᠡᠸᠤ ᠶᠠᠩ ᠰᠢᠶᠤᠤ ᠬᠤᠶ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠷᠲᠡᠬᠡᠨ ᠪᠠᠶᠢᠷᠢᠯᠠᠭᠤᠯᠤᠯᠲᠠ ᠬᠢᠵᠦ᠂ ᠡᠷᠲᠡᠬᠡᠨ ᠬᠥᠳᠡᠯᠦᠯᠴᠡᠵᠦ᠂ ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠶᠢᠭᠤᠯᠤᠨ ᠰᠠᠶᠢᠲᠤᠷ ᠰᠠᠬᠢᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠳᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ︽ᠬᠤᠯᠤᠭᠠᠨ᠎ᠠ  ᠡᠴᠠ‌‍ᠬᠥ᠋ᠮᠦᠨ ᠳᠤ ᠲᠠᠮᠵᠢᠭᠤᠯᠤᠨ  ᠬᠦᠷᠬᠦ  ︾ ᠰᠡᠷᠭᠡᠶᠢᠯᠡᠯᠲᠡ ᠶᠢᠨ ᠱᠤᠭᠤᠮ᠃ ᠡᠯ᠎ᠡ ᠭᠠᠵᠠᠷ ᠤᠳ ᠠᠮᠢᠲᠠᠨ ᠤ ᠬᠤᠭᠤᠷᠣᠨᠳᠣᠬᠢ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠᠨ ᠴᠢᠩᠭᠠᠳᠬᠠᠵᠤ᠂ ᠲᠦᠭᠰᠢᠭᠦᠷᠢ ᠶᠢ ᠴᠠᠭ ᠲᠤᠬᠠᠶ ᠳᠤᠨᠢ ᠰᠡᠷᠡᠮᠵᠢᠯᠡᠭᠦᠯᠬᠦ᠂ ᠴᠠᠭ ᠲᠤᠬᠠᠶ ᠳᠤᠨᠢ  ᠰᠠᠨᠠᠭᠤᠯᠭ᠎ᠠ ᠳᠤᠷᠠᠳᠴᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠯ ᠲᠠᠢ ᠪᠠᠷ  ᠬᠠᠮᠠᠭᠠᠯᠠᠯᠳᠠ ᠶᠢᠨ ᠴᠢᠨᠠᠷᠲᠠᠶ ᠬᠤᠯᠤᠭᠠᠨ᠎ᠠ ᠪᠠ  ᠨᠤᠬᠠᠢ ᠶᠢᠨ ᠪᠥᠭᠡᠰᠦ ᠶᠢ ᠤᠰᠠᠳᠬᠠᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠣᠶ ᠰᠢᠭᠤᠶ ᠡᠪᠡᠰᠦ ᠪᠡᠯᠴᠢᠭᠡᠷ᠂ ᠵᠠᠬ᠎ᠠ ᠳᠡᠯᠭᠡᠭᠦᠷ᠂ ᠵᠠᠮ ᠬᠠᠷᠢᠯᠴᠠᠭ᠎ᠠ  ᠵᠡᠷᠭᠡ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠭᠠᠵᠤ᠂ ᠬᠡᠭᠡᠷ᠎ᠡ ᠶᠢᠨ ᠠᠮᠢᠲᠠᠨ ᠢᠶᠠᠷ ᠳᠠᠮᠵᠢᠭᠤᠯᠤᠨ ᠬᠤᠯᠤᠭᠠᠨ᠎ᠠ ᠬᠢᠵᠢᠭ ᠳᠡᠯᠭᠡᠷᠡᠬᠦ ᠳᠠᠯᠳᠠ ᠭᠡᠮ ᠢ ᠦᠨᠡᠨᠬᠦ ᠠᠷᠢᠯᠭᠠᠬᠤ ᠬᠡᠷᠡᠭᠲᠡᠶ᠃ ᠬᠤᠶᠠᠷ ᠲᠤ᠂ ︽ ᠬᠦᠮᠦᠨ ᠡᠴᠠ‌‍ᠬᠥ᠋ᠮᠦᠨ ᠳᠤ ᠲᠠᠮᠵᠢᠭᠤᠯᠤᠨ  ᠬᠦᠷᠬᠦ  ︾ ᠰᠡᠷᠭᠡᠶᠢᠯᠡᠯᠲᠡ ᠶᠢᠨ ᠱᠤᠭᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠳᠠᠩ ᠮᠡᠳᠡᠭᠦᠯᠬᠦ ᠦᠭᠡᠢ ᠪᠠ ᠠᠵᠢᠯ ᠥᠷᠨᠢᠭᠦᠯᠦᠭᠰᠡᠨ ᠪᠠᠶᠢᠳᠠᠯ ᠤᠨ ᠡᠳᠦᠷ ᠤᠨ ᠮᠡᠳᠡᠭᠦᠯᠦᠯᠲᠡ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠢᠯᠠᠩᠭᠤᠶ᠎ᠠ ᠦᠨᠳᠦᠰᠦᠨ ᠱᠠᠲᠤᠨ ᠤ ᠡᠮᠴᠢᠯᠡᠭᠡᠨ ᠤ  ᠪᠠᠶᠢᠭᠤᠯᠤᠮᠵᠢ ᠨᠤᠭᠤᠳ ᠠᠩᠬ᠎ᠠ ᠡᠮᠨᠡᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ ᠤᠷᠢᠳᠴᠢᠯᠠᠨ ᠪᠠᠶᠢᠴᠠᠭᠠᠵᠤ  ᠬᠤᠪᠢᠶᠠᠨ ᠣᠨᠣᠰᠢᠯᠠᠬᠤ᠂ ᠡᠪᠡᠳᠴᠢᠲᠡᠨ ᠤ ᠡᠪᠡᠳᠴᠢᠨ ᠦᠵᠡᠭᠦᠯᠬᠦ ᠮᠡᠳᠡᠭᠡ ᠵᠠᠩᠭᠢ ᠶᠢ ᠳᠠᠩᠰᠠᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠪᠡᠭᠡᠵᠢᠩ ᠳᠤ ᠤᠷᠤᠬᠤ ︽ᠰᠡᠷᠭᠡᠶᠢᠯᠡᠬᠦ ᠬᠡᠷᠡᠮ︾ ᠢ ᠰᠡᠷᠭᠦᠭᠡᠪᠡ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠣᠨᠣᠰᠢᠯᠠᠵᠤ ᠵᠢᠭᠰᠠᠭᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ᠂ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠰᠢᠯᠵᠢᠭᠦᠯᠦᠨ ᠣᠨᠣᠰᠢᠯᠠᠭᠤᠯᠵᠤ ᠪᠣᠯᠬᠤ ᠥᠬᠡᠶ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠳᠣᠲᠣᠭᠠᠳᠤ ᠶᠢ ᠬᠠᠮᠠᠭᠠᠯᠠᠬᠤ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠪᠡᠭᠡᠵᠢᠩ ᠳᠤ ᠣᠷᠣᠬᠤ ᠲᠡᠷᠭᠡ ᠬᠥᠰᠬᠡ᠂ ᠬᠥᠮᠦᠰ ᠢ ᠴᠢᠩᠭ᠎ᠠ ᠬᠠᠮᠢᠶᠠᠷᠤᠨ‌ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠤ ᠲᠡᠷᠭᠡ ᠬᠥᠰᠬᠡ ᠶᠢ ᠶᠠᠭᠠᠬᠢᠭᠰᠠᠨ ᠴᠤ ᠬᠢᠯᠢ ᠪᠠᠷ ᠣᠷᠣᠭᠤᠯᠵᠤ ᠭᠠᠷᠭᠠᠵᠤ ᠪᠣᠯᠬᠤ ᠥᠬᠡᠶ᠂ ᠬᠠᠯᠳᠠᠪᠤᠷᠢᠲᠤ  ᠡᠪᠡᠳᠴᠢᠨ ᠲᠠᠢ ᠡᠪᠡᠳᠴᠢᠲᠡᠨ ᠢ ᠪᠡᠭᠡᠵᠢᠩ ᠳᠤ ᠣᠷᠣᠭᠤᠯᠵᠤ ᠮᠣᠩᠭᠤᠯ ᠠᠴᠠ ᠭᠠᠷᠭᠠᠵᠤ ᠶᠠᠭᠠᠬᠢᠭᠰᠠᠨ ᠴᠤ ᠪᠣᠯᠬᠤ ᠥᠬᠡᠶ ᠭᠡᠪᠡ᠃ ︵ᠰᠤᠷᠪᠤᠯᠵᠢᠯᠠᠭᠴᠢ᠄ ᠵᠠᠩ ᠰᠢᠶᠤᠤ ᠶᠢᠩ︶                                                                                                         ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                     ᠤᠷᠴᠢᠭᠤᠯᠤᠭᠴᠢ᠄ ᠼᠦᠢ ᠴᠢᠩ                                     ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2