ᠸᠠᠩ ᠸᠧᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ
ᠨᠡᠶᠢᠲᠡᠯᠡᠭᠰᠡᠨ ᠴᠠᠭ᠄
2020-03-19
     3 ᠰᠠᠷ᠎ᠠ ᠶᠢᠨ 16 ᠤ ᠡᠳᠦᠷ᠂ ᠮᠠᠨ ᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠳᠦ ᠢᠯᠠᠯᠲᠠ ᠶᠢ ᠤᠯᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ  ᠲᠤᠭᠤᠶᠢᠯᠠᠩ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ  ᠠᠩᠭᠢᠵᠢᠷᠠᠭᠤᠯᠬᠤ  ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠬᠤ  ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠢ ᠵᠠᠳᠠᠯᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠲᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠰᠢᠢᠳᠪᠦᠷᠢᠲᠦ ᠪᠤᠳᠤᠯᠭ᠎ᠠ  ᠪᠠᠶᠢᠷᠢᠯᠠᠭᠤᠯᠤᠯᠳᠡ ᠳᠡᠭᠡᠷ᠎ᠡ ᠨᠢᠭᠡᠳᠬᠡᠵᠦ᠂ ᠬᠦᠴᠦᠯᠡᠨ ᠰᠢᠪᠲᠤᠯᠤᠯᠲᠠ ᠬᠢᠬᠦ ᠳᠠᠶᠢᠴᠢᠨ ᠳᠦᠷᠰᠦ ᠪᠠᠶᠢᠳᠠᠯ ᠭᠠᠷᠭᠠᠵᠤ  ᠂ ᠥᠩᠭᠡᠷᠡᠭᠰᠡᠨ ᠲᠠᠢ ᠪᠠᠨ ᠠᠳᠠᠯᠢ ᠪᠠᠷ ᠨᠢᠭᠡ ᠯᠡ ᠠᠮᠢᠰᠬᠤᠭ᠎ᠠ ᠪᠠᠷ ᠦᠷᠭᠦᠯᠵᠢᠯᠡᠨ  ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ ᠯᠦᠩ ᠬᠤᠷᠠᠯ ᠢ ᠡᠷᠬᠢᠯᠡᠪᠡ᠃ ᠬᠤᠷᠠᠯ ᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠮᠠ ᠶᠦᠩ ᠽᠠᠢ᠂ ᠶᠤᠸᠠᠨ ᠺᠤᠸᠠᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ  ᠰᠢᠶᠠᠨ ᠳᠠᠭᠠᠨ ᠪᠠᠶᠢᠭ᠎ᠠ ᠤᠳᠤᠷᠢᠳᠤᠯᠭ᠎ᠠ  ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠷᠦᠢ 2020 ᠣᠨ ᠤ ᠶᠠᠳᠠᠭᠤ ᠶᠢ ᠳᠡᠳᠭᠦᠬᠦ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠸᠠᠩ ᠸᠧᠨ ᠶᠠᠷᠢᠶᠠᠨ ᠳᠠᠭᠠᠨ᠂ ᠤᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠮᠠᠨ ᠤ ᠰᠢᠶᠠᠨ  ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠮᠠᠰᠢ ᠶᠡᠭᠡ ᠠᠮᠵᠢᠯᠲᠠ ᠣᠯᠵᠠᠢ᠃ ᠮᠠᠨ ᠤ ᠰᠢᠶᠠᠨ ᠳᠤ 21444 ᠶᠠᠳᠠᠭᠤ ᠬᠦᠴᠢᠷᠳᠡᠯᠲᠡᠢ ᠬᠥᠮᠦᠨ ᠠᠮᠠ ᠲᠠᠢ᠂ ᠤᠨᠢᠨ ᠳᠡᠭᠡᠷ᠎ᠡ ᠨᠢ ᠬᠠᠪᠰᠤᠷᠤᠨ  ᠳᠡᠳᠭᠦᠬᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠪᠠᠷ ᠳᠠᠮᠵᠢᠨ᠂ 2019 ᠣᠨ ᠤ ᠡᠴᠦᠰ ᠪᠣᠯᠬᠤ ᠳᠤ  ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 51 ᠭᠤᠣᠯᠳᠠᠯᠭ᠎ᠠ ᠲᠠᠢ ᠲᠣᠰᠬᠤᠨ ᠢ ᠶᠠᠳᠠᠭᠤ ᠠᠴᠠ ᠠᠩᠭᠢᠵᠢᠷᠠᠭᠤᠯᠪᠠ᠃ ᠲᠠᠷᠢᠶᠠᠴᠢᠳ ᠤᠨ ᠣᠷᠣᠯᠭ᠎ᠠ ᠢᠯᠡᠳᠲᠡ ᠳᠡᠭᠡᠭᠰᠢᠯᠡᠵᠦ᠂ 2013 ᠣᠨ ᠳᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ 7824 ᠲᠥᠭᠦᠷᠢᠭ ᠪᠠᠶᠢᠭᠰᠠᠨ ᠠᠴᠠ ᠪᠠᠨ 2019 ᠣᠨ ᠳᠤ 13125 ᠲᠥᠭᠦᠷᠢᠭ ᠪᠣᠯᠤᠨ ᠳᠡᠭᠡᠭᠰᠢᠯᠡᠵᠦ᠂ ᠬᠤᠶᠠᠷ ᠳᠠᠬᠢᠨ ᠪᠣᠯᠲᠠᠯ᠎ᠠ ᠨᠡᠮᠡᠭᠳᠡᠪᠡ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ 2014 ᠣᠨ ᠳᠤ 2795 ᠲᠥᠭᠦᠷᠢᠭ ᠪᠠᠶᠢᠭᠰᠠᠨ ᠠᠴᠠ ᠪᠠᠨ 2019 ᠣᠨ ᠳᠤ 9705 ᠲᠥᠭᠦᠷᠢᠭ ᠪᠣᠯᠤᠨ ᠳᠡᠭᠡᠭᠰᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ 2014 ᠣᠨ ᠤ 3 ᠳᠠᠬᠢᠨ ᠪᠣᠯᠵᠠᠶ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠶᠡᠷᠦᠩᠬᠡᠶ ᠳᠤᠨᠢ  ᠰᠢᠢᠳᠪᠤᠷᠢᠯᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠪᠠ᠃ 2017 ᠣᠨ ᠳᠤ 6006 ᠡᠷᠦᠬᠡ᠂ 2018 ᠣᠨ ᠳᠤ 9394 ᠡᠷᠦᠬᠡ᠂ 2019 ᠣᠨ ᠳᠤ 594 ᠡᠷᠦᠬᠡ᠃ ᠣᠨᠳᠣᠤ ᠭᠠᠵᠠᠷ ᠤᠨ ᠨᠡᠭᠦᠳᠡᠯ ᠠᠷᠠᠳ 2017 ᠣᠨ ᠳᠤ 619 ᠡᠷᠦᠬᠡ ᠶᠢᠨ 1500 ᠬᠥᠮᠦᠨ᠂ 2018 ᠣᠨ ᠳᠤ 198 ᠡᠷᠦᠬᠡ  ᠶᠢᠨ 600 ᠬᠥᠮᠦᠨ ᠪᠠᠶᠢᠪᠠ᠃ ᠪᠥᠬᠦ ᠰᠢᠶᠠᠨ ᠤ ᠡᠮ ᠡᠮᠨᠡᠯᠭᠡ ᠶᠢᠨ  ᠳᠠᠭᠠᠳᠬᠠᠯ ᠳᠤ ᠤᠷᠤᠭᠰᠠᠨ ᠨᠣᠷᠮ᠎ᠠ 94%᠂ ᠶᠠᠳᠠᠭᠤ  ᠬᠦᠴᠢᠷᠳᠡᠯᠳᠠᠢ ᠡᠷᠦᠬᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100%᠂ ᠤᠳᠠᠭᠠᠨ ᠴᠢᠨᠠᠷᠲᠠᠶ ᠡᠪᠡᠳᠴᠢᠨ ᠳᠤ  30371 ᠬᠥᠮᠦᠨ ᠤᠳᠠᠭ᠎ᠠ ᠬᠦᠷᠭᠡᠵᠦ᠂ ᠵᠢᠯ ᠪᠦᠷᠢ ᠶᠢᠨ ᠲᠠᠩᠰᠠ ᠲᠠᠶᠢᠯᠬᠤ ᠬᠠᠷᠢᠴᠠᠯ 90% ᠪᠣᠯᠤᠨ᠎ᠠ᠃ ︽ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠶᠢ ᠠᠳᠬᠤᠬᠤ︾ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ  ᠠᠶᠢᠯᠴᠢᠯᠠᠨ ᠰᠤᠷᠪᠤᠯᠵᠢᠯᠠᠬᠤ ᠠᠵᠢᠯ ᠢ ᠥᠷᠨᠢᠭᠦᠯᠦᠨ᠎ᠡ᠃ ᠲᠣᠰᠬᠤᠨ ᠳᠤ ᠰᠠᠭᠤᠭ᠎ᠠ 507 ᠭᠡᠰᠢᠭᠦᠨ ᠲᠣᠮᠢᠯᠠᠵᠤ᠂ 2700 ᠭᠠᠷᠤᠢ ᠬᠠᠷᠢᠭᠤᠴᠠᠯᠭᠠᠲᠠᠨ ᠢ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠶᠢ ᠠᠳᠬᠤᠬᠤ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠦᠷᠢᠯᠳᠦᠭᠦᠯᠪᠡ᠃
      ᠸᠠᠩ ᠸᠧᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠲᠠᠶᠢᠯᠠᠯᠳᠤᠭᠠᠨ ᠤ ᠡᠴᠦᠰ ᠤᠨ ᠵᠢᠯ ᠮᠥᠨ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠥᠷᠥ ᠶᠢᠨ  ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠥᠬᠦ ᠢᠯᠠᠯᠲᠠ ᠤᠯᠬᠤ ᠥᠬᠡᠶ ᠪᠣᠯ ᠶᠠᠭᠠᠬᠢᠭᠰᠠᠨ ᠴᠤ ᠴᠡᠷᠢᠭ ᠢᠶᠠᠨ  ᠬᠤᠷᠢᠶᠠᠬᠤ ᠥᠬᠡᠶ᠃
        ᠸᠠᠩ ᠸᠧᠨ ᠱᠠᠭᠠᠷᠳᠠᠭᠰᠠᠨ ᠨᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ︽ ᠵᠦᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ︾ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠤᠪᠤᠶᠢᠯᠭᠠᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ  ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠲᠠᠯ᠎ᠠ ᠶᠢᠨ ᠪᠠᠶᠢᠳᠠᠯ ᠢ ᠤᠢᠢᠯᠠᠭᠠᠨ ᠵᠢᠭᠰᠠᠭᠠᠨ ᠪᠠᠶᠢᠴᠠᠭᠠᠬᠤ  ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠰᠤᠮᠤ ᠭᠠᠴᠠᠭᠠᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ  ᠠᠩᠬᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠬᠢᠨᠠᠨ  ᠬᠠᠷᠭᠤᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠴᠤᠭᠯᠠᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ  ᠠᠰᠠᠭᠤᠳᠠᠯ ᠢ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ  ᠰᠠᠶᠢᠵᠢᠷᠠᠭᠤᠯᠬᠤ ᠬᠡᠷᠡᠭᠲᠡᠢ᠃ ︽ᠭᠡᠷ ᠪᠠᠶᠢᠰᠢᠩ᠂ ᠡᠮᠨᠡᠯᠭᠡ᠂ ᠤᠰᠤ᠂  ᠤᠶᠢᠯᠡᠳᠪᠤᠷᠢᠯᠡᠯ᠂ ᠳᠠᠩᠰᠠ ᠡᠪᠬᠡᠮᠡᠯ︾ ᠵᠡᠷᠭᠡ ᠲᠠᠪᠤᠨ ᠲᠠᠯ᠎ᠠ ᠶᠢᠨ ᠠᠵᠢᠯ ᠤᠨ ᠳᠤᠲᠠᠭᠤᠳᠠᠯ ᠢ ᠭᠤᠤᠯᠳᠠᠯᠭ᠎ᠠ ᠲᠠᠢ ᠨᠥᠬᠦᠪᠥᠷᠢᠯᠡᠵᠦ᠂ ᠣᠷᠣᠨ ᠰᠠᠭᠤᠴᠠ ᠶᠢᠨ ᠪᠠᠲᠤᠯᠠᠭ᠎ᠠ ︵ᠭᠡᠷ ᠪᠠᠶᠢᠰᠢᠩ︶ ᠶᠢᠨ ᠲᠠᠯ᠎ᠠ ᠪᠠᠷ᠂ ᠲᠣᠭᠲᠠᠭᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠲᠤ᠂ ᠭᠡᠷ ᠪᠠᠶᠢᠰᠢᠩ ᠢ ᠰᠡᠯᠪᠢᠨ ᠵᠠᠰᠠᠬᠤ᠂ ᠰᠢᠨ᠎ᠡ ᠪᠠᠷ ᠣᠷᠣᠵᠤ ᠰᠠᠭᠤᠬᠤ ᠵᠡᠷᠭᠡ ᠠᠰᠠᠭᠤᠳᠠᠯ ᠢ ᠰᠠᠶᠢᠲᠤᠷ  ᠰᠢᠢᠳᠪᠤᠷᠢᠯᠡᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠣᠨᠳᠣᠤ ᠭᠠᠵᠠᠷ ᠲᠤ ᠨᠡᠭᠦᠯᠭᠡᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠡᠮᠨᠡᠯᠭᠡ ᠶᠢᠨ ᠪᠠᠲᠤᠯᠠᠭ᠎ᠠ ︵ᠡᠮᠨᠡᠯᠭᠡ︶ ᠶᠢᠨ ᠲᠠᠯ᠎ᠠ ᠪᠠᠷ᠂ ︽ᠳᠥᠷᠪᠡᠨ ᠪᠠᠶᠢᠪᠠᠯ ᠵᠣᠬᠢᠬᠤ ᠳᠥᠷᠪᠡᠨ  ᠦᠭᠡᠢ︾ ︵ᠣᠷᠣᠭᠤᠯᠬᠤ ᠶᠣᠰᠣᠲᠠᠶ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠤᠷᠤᠭᠰᠠᠨ ᠦᠭᠡᠶ᠂ ᠡᠮ  ᠬᠦᠷᠭᠡᠬᠦ ᠶᠣᠰᠣᠲᠠᠶ ᠪᠠᠶᠢᠲᠠᠯ᠎ᠠ ᠡᠮ ᠬᠦᠷᠭᠡᠭᠰᠡᠨ ᠦᠭᠡᠶ᠂ ᠡᠮᠨᠡᠭᠦᠯᠬᠦ ᠶᠣᠰᠣᠲᠠᠶ ᠪᠠᠶᠢᠲᠠᠯ᠎ᠠ ᠡᠮᠨᠡᠭᠦᠯᠦᠭᠰᠡᠨ ᠦᠭᠡᠶ᠂ ᠳᠠᠩᠰᠠ ᠲᠠᠶᠢᠯᠬᠤ ᠶᠣᠰᠣᠲᠠᠶ ᠪᠠᠶᠢᠲᠠᠯ᠎ᠠ ᠳᠠᠩᠰᠠ ᠠᠴᠠ ᠲᠠᠶᠢᠯᠤᠭᠰᠠᠨ ᠦᠭᠡᠶ︶ ᠢ ᠪᠦᠬᠦ ᠲᠠᠯ᠎ᠠ ᠪᠠᠷ  ᠨᠠᠷᠢᠨ ᠪᠠᠶᠢᠴᠠᠭᠠᠵᠤ᠂ ᠡᠬᠡ ᠳᠠᠩᠰᠠ ᠪᠠᠶᠢᠭᠤᠯᠤᠨ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠬᠡᠷᠡᠭᠲᠡᠶ᠃ ᠠᠶᠤᠯ ᠦᠭᠡᠢ ᠤᠤᠭᠤᠬᠤ ᠤᠰᠤ ︵ᠤᠰᠤ︶ ᠶᠢᠨ ᠲᠠᠯ᠎ᠠ ᠪᠠᠷ᠂  ᠲᠤᠭᠳᠠᠭᠰᠠᠨ ᠴᠠᠭ ᠲᠤ ᠪᠦᠬᠦ ᠰᠢᠶᠠᠨ ᠤ 67 ᠵᠠᠰᠠᠭ ᠵᠠᠬᠢᠷᠭᠠᠨ ᠤ ᠲᠣᠰᠬᠤᠨ᠂ 115 ᠠᠶᠢᠯ ᠲᠣᠰᠬᠤᠨ ᠳᠤ ᠬᠤᠯᠪᠣᠭᠳᠠᠬᠤ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠪᠡᠶᠡᠯᠡᠭᠦᠯᠬᠦ ᠬᠡᠷᠡᠭᠲᠡᠶ᠃ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ︵ ᠤᠶᠢᠯᠡᠳᠪᠤᠷᠢᠯᠡᠯ︶ ᠲᠠᠯ᠎ᠠ ᠪᠠᠷ᠂ ᠬᠥᠳᠡᠯᠮᠦᠷᠢᠯᠡᠬᠦ ᠴᠢᠳᠠᠪᠤᠷᠢ   ᠲᠠᠢ ᠪᠠᠶᠢᠪᠠᠯ ᠪᠦᠬᠦᠨ ᠢ ︽ᠲᠣᠪᠶᠤᠭ ᠮᠠᠶ᠋ᠢᠭ︾ ᠤᠨ ᠠᠵᠤ  ᠤᠶᠢᠯᠡᠰ ᠢᠶᠠᠷ ᠲᠡᠳᠬᠦᠨ ᠳᠡᠮᠵᠢᠵᠦ᠂ ᠠᠷᠠᠳ ᠢ  ᠨᠡᠭᠦᠯᠭᠡᠬᠦ ᠡᠷᠦᠬᠡ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠠᠵᠤ ᠠᠬᠤᠶᠢᠯᠠᠯ  ᠤᠨ ᠬᠡᠯᠬᠢᠶ᠎ᠡ ᠶᠢ ᠭᠥᠷᠳᠡᠵᠦ ᠪᠣᠯᠤᠨ᠎ᠠ᠃ ᠶᠠᠳᠠᠭᠤ ᠶᠢ ᠲᠡᠳᠬᠦᠬᠦ ᠲᠠᠩᠰᠠ ᠡᠪᠬᠡᠮᠡᠯ  ᠤᠨ ᠲᠠᠯ᠎ᠠ ᠪᠠᠷ᠂ ᠶᠠᠳᠠᠭᠤ ᠶᠢ ᠲᠡᠳᠬᠦᠬᠦ ᠡᠬᠡ ᠲᠠᠩᠰᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠮᠡᠳᠡᠭᠡ ᠵᠠᠩᠭᠢ᠂ ᠶᠠᠳᠠᠭᠤ ᠶᠢ ᠲᠡᠳᠬᠦᠬᠦ ᠭᠠᠷ ᠳᠡᠪᠲᠡᠷ᠂ ᠲᠣᠳᠣᠷᠬᠠᠶ ᠺᠠᠷᠲ ᠵᠡᠷᠭᠡ ᠲᠠᠩᠰᠠ  ᠡᠪᠬᠡᠮᠡᠯ ᠤᠨ ᠠᠭᠤᠯᠭ᠎ᠠ ᠶᠢ ᠪᠥᠬᠦ ᠲᠠᠯ᠎ᠠ ᠪᠠᠷ᠂ ᠣᠨᠣᠪᠴᠢᠲᠠᠶ ᠪᠠᠶᠢᠯᠭᠠᠵᠤ᠂ ︽ᠮᠠᠰᠢᠨ ᠲᠠᠩᠰᠠ ᠶᠢᠨ ᠪᠣᠳᠠᠲᠠᠶ︾ ᠪᠠᠶᠢᠬᠤ ᠶᠢ ᠬᠠᠷᠢᠯᠴᠠᠨ ᠨᠢᠭᠡᠳᠦᠯᠲᠡᠶ ᠪᠣᠯᠭᠠᠬᠤ ᠬᠡᠷᠡᠭᠲᠡᠶ᠃ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠲᠠᠭᠤ ᠠᠷᠭ᠎ᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠤᠪᠤᠶᠢᠯᠭᠠᠨ ᠠᠳᠬᠤᠬᠤ ᠬᠡᠷᠡᠭᠲᠡᠢ᠃ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠤᠲᠠᠭᠤᠳᠠᠯ ᠢ ᠨᠥᠬᠦᠪᠥᠷᠢᠯᠡᠬᠦ ᠠᠵᠢᠯ ᠲᠠᠢ ᠤᠶᠠᠯᠳᠤᠭᠤᠯᠵᠤ᠂ ᠱᠠᠭᠠᠷᠳᠠᠯᠭ᠎ᠠ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ  ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠭᠤᠷᠪᠠᠨ ᠵᠤᠶᠢᠯ ᠤᠨ ᠭᠤᠤᠯᠳᠠᠯᠭ᠎ᠠ ᠲᠠᠢ ᠠᠵᠢᠯ ᠢ ᠭᠤᠷᠪᠠᠨ ᠱᠠᠲᠤ ᠦᠶ᠎ᠡ ᠶᠢᠨ ᠶᠣᠰᠣᠭᠠᠷ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠪᠡ᠃
     ᠸᠠᠩ ᠸᠧᠨ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠠᠮᠤᠭ ᠡᠴᠦᠰ ᠲᠤ ᠬᠦᠷᠬᠦ ᠲᠤᠳᠤᠮ ᠨᠠᠮ ‍ᠤᠨ‌ᠤᠳᠤᠷᠢᠳᠤᠯᠭ᠎ᠠ ᠶᠢ ᠤᠯᠠᠮ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠰᠤᠷᠪᠤᠯᠵᠢᠯᠠᠬᠤ ᠪᠠᠨ ᠴᠢᠩᠭᠠᠳᠬᠠᠵᠤ᠂ ᠭᠤᠣᠯᠳᠠᠯᠭ᠎ᠠ  ᠶᠢ ᠳᠣᠪᠤᠶᠢᠯᠭᠠᠨ᠂ ᠶᠡᠷᠦᠩᠬᠡᠢ ᠠᠩᠭᠢ ᠳᠤ ᠬᠢᠨᠠᠨ ᠵᠢᠯᠣᠭᠤᠳᠬᠤ᠂ ᠰᠢᠶᠠᠩ ᠳᠤ ᠰᠠᠭᠤᠭ᠎ᠠ ᠬᠢᠨᠠᠨ ᠵᠢᠯᠣᠭᠤᠳᠬᠤ᠂ ᠰᠢᠭᠤᠳ ᠨᠡᠪᠲᠡᠷᠡᠬᠦ ᠲᠡᠷᠭᠡ ᠶᠢᠨ ᠠᠵᠢᠯ ᠳᠤ ᠭᠠᠷᠬᠤ ᠶᠢ ᠰᠢᠯᠭᠠᠬᠤ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ  ᠶᠢᠨ ᠬᠢᠨᠠᠨ ᠵᠢᠯᠣᠭᠤᠳᠬᠤ᠂ ᠵᠠᠭᠤᠴᠢᠯᠠᠭᠤᠷ ᠤᠨ ᠬᠢᠨᠠᠨ ᠵᠢᠯᠣᠭᠤᠳᠬᠤ᠂ ᠤᠳᠤᠷᠢᠳᠬᠤ ᠳᠤᠭᠤᠶᠢᠯᠠᠩ ᠤᠨ ᠬᠢᠨᠠᠨ ᠵᠢᠯᠣᠭᠤᠳᠬᠤ᠂ ᠰᠢᠶᠠᠩ ᠪᠠᠯᠭᠠᠰᠤᠨ ᠤ ᠲᠣᠰᠬᠤᠨ ᠳᠤ ᠰᠠᠭᠤᠭ᠎ᠠ ᠬᠢᠨᠠᠨ ᠵᠢᠯᠣᠭᠤᠳᠬᠤ ᠵᠡᠷᠭᠡ ᠲᠤᠯᠤᠭᠠᠨ ᠵᠦᠢᠯ ᠤᠨ ᠬᠢᠨᠠᠨ ᠵᠢᠯᠣᠭᠤᠳᠬᠤ ᠬᠡᠯᠪᠡᠷᠢ ᠶᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠪᠣᠳᠠᠲᠠᠢ ᠠᠳᠬᠤᠵᠤ᠂ 6 ᠰᠠᠷ᠎ᠠ ᠶᠢᠨ ᠰᠡᠭᠦᠯᠴᠢ ᠳᠤ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠪᠠᠶᠢᠴᠠᠭᠠᠯᠲᠠ ᠶᠢᠨ ᠰᠢᠯᠭᠠᠨ ᠠᠪᠬᠤ ᠶᠢ ᠤᠭᠲᠤᠬᠤ ᠶᠢ ᠪᠠᠲᠤᠯᠠᠬᠤ ᠬᠡᠷᠡᠭᠲᠡᠢ ᠭᠡᠪᠡ᠃     ᠸᠠᠩ ᠸᠧᠨ ᠴᠢᠬᠤᠯᠠᠴᠢᠯᠠᠬᠤ ᠳᠠᠭᠠᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠬᠠᠮᠤᠭ ᠤᠨ ᠵᠠᠩᠭᠢᠯᠠᠭ᠎ᠠ ᠶᠢᠨ ᠴᠠᠭ ᠦᠶ᠎ᠡ ᠳᠤ ᠬᠦᠷᠴᠦ᠂ ᠬᠠᠮᠤᠭ ᠰᠡᠬᠦᠯ ᠳᠡᠭᠡᠨ ᠬᠦᠷᠬᠦ ᠲᠤᠳᠤᠮ ᠢᠶᠠᠨ ᠡᠨᠡ ᠬᠦ ᠬᠥᠪᠴᠢ ᠶᠢ ᠤᠯᠠᠮ ᠴᠢᠩᠭᠠᠯᠠᠬᠤ ᠬᠡᠷᠡᠭᠲᠡᠢ᠂ ᠵᠣᠭᠰᠣᠩᠭᠢᠷᠠᠵᠤ ᠪᠣᠯᠬᠤ ᠦᠭᠡᠢ᠂ ᠴᠠᠯᠠᠭᠠᠶᠢᠳᠠᠵᠤ ᠪᠣᠯᠬᠤ ᠦᠭᠡᠢ᠂ ᠰᠤᠯᠠᠷᠠᠭᠤᠯᠵᠤ ᠪᠣᠯᠬᠤ ᠦᠭᠡᠢ᠃ ᠪᠢᠳᠠ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠣᠨᠣᠪᠴᠢᠲᠠᠢ ᠠᠷᠭ᠎ᠠ  ᠬᠡᠮᠵᠢᠶ᠎ᠡ᠂ ᠬᠠᠮᠤᠭ ᠤᠨ  ᠪᠤᠳᠠᠳᠠᠢ ᠶᠢ ᠡᠷᠬᠢᠮᠯᠡᠬᠦ ᠰᠤᠷᠲᠠᠯ ᠢᠶᠠᠷ᠂ ᠰᠢᠢᠳᠪᠦᠷᠢᠲᠦ ᠳᠠᠶᠢᠯᠠᠯᠳᠤᠭᠠᠨ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠠᠷᠠᠳ ᠲᠦᠮᠡᠨ᠂ ᠨᠠᠮ ᠤᠨ ᠲᠥᠪ  ᠬᠤᠷᠢᠶ᠎ᠠ᠂ ᠶᠡᠷᠦᠩᠬᠡᠢ ᠱᠦᠵᠢ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠶ᠎ᠠ᠃    ᠥᠪᠡᠷᠲᠡᠭᠡᠨ ᠵᠠᠰᠠᠬᠤ ᠣᠷᠣᠨ ᠤ ᠯᠢᠶᠠᠩᠴᠧᠩ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠠᠭᠠᠭᠠᠨ ᠲᠡᠳᠬᠦᠬᠦ ᠨᠢᠭᠡᠴᠢ ᠶᠢᠨ ᠬᠠᠷᠢᠭᠤᠴᠠᠯᠭᠠᠲᠠᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠬᠠᠷᠢᠶ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃     ᠡᠯ᠎ᠡ ᠰᠢᠶᠠᠩ ᠪᠠᠯᠭᠠᠰᠤ ᠶᠢᠨ ᠳᠠᠷᠤᠭ᠎ᠠ᠂ ᠰᠢᠶᠠᠩ ᠪᠠᠯᠭᠠᠰᠤ ᠶᠢᠨ ᠪᠠᠭ ᠤᠨ ᠪᠦᠷᠢᠯᠳᠦᠬᠦᠨ᠂ ᠬᠤᠲᠠ ᠶᠢᠨ ᠲᠤᠮᠢᠯᠠᠨ ᠰᠠᠭᠤᠯᠭᠠᠭᠰᠠᠨ ᠡᠯ᠎ᠡ ᠰᠢᠶᠠᠩ ᠪᠠᠯᠭᠠᠰᠤ ᠶᠢᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠡᠯ᠎ᠡ ᠰᠢᠶᠠᠩ ᠪᠠᠯᠭᠠᠰᠤ ᠶᠢᠨ ᠶᠠᠳᠠᠭᠤ ᠶᠢ ᠲᠡᠳᠬᠦᠬᠦ ᠥᠷᠲᠡᠭᠡ ᠶᠢᠨ ᠳᠠᠷᠤᠭ᠎ᠠ᠂ ᠡᠯ᠎ᠡ ᠵᠠᠰᠠᠭ ᠵᠠᠬᠢᠷᠭᠠᠨ ᠤ ᠲᠣᠰᠬᠤᠨ  ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠪᠣᠯᠤᠨ ᠬᠡᠰᠡᠭ ᠬᠠᠪᠰᠤᠷᠤᠨ ᠲᠡᠳᠬᠦᠬᠦ ᠨᠢᠭᠡᠴᠡ ᠶᠢᠨ  ᠬᠠᠷᠢᠭᠤᠴᠠᠯᠭᠠᠳᠠᠨ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠸᠠᠩ ᠪᠢᠨ  ᠯᠢ ᠰᠢᠶᠤᠤ ᠬᠤᠶ︶                                                           ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2