ᠮᠠᠨ ᠤ ᠰᠢᠶᠠᠨ ᠢᠳᠡᠭᠡᠨ ᠤᠮᠳᠠᠭᠠᠨ ᠤ ᠤᠶᠢᠯᠡᠴᠢᠯᠡᠭᠡᠨ ᠤ  ᠤᠶᠢᠯᠡᠰ ᠤᠨ ᠡᠵᠡᠩᠨᠡᠯᠲᠡ ᠪᠠᠨ ᠰᠡᠷᠭᠦᠭᠡᠬᠦ ᠶᠢ ᠪᠥᠬᠦ  ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-03-23
     ᠤᠶᠢᠷ᠎ᠠ ᠶᠢᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠤᠯ ᠦᠭᠡᠢ  ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ ᠰᠠᠭᠤᠭᠠᠯᠢ ᠠᠷᠠᠳ ᠤᠨ ᠠᠮᠢᠳᠤᠷᠠᠯ ᠤᠨ ᠦᠨᠳᠦᠰᠦᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠮᠠᠨ ᠤ ᠰᠢᠶᠠᠨ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠶᠢ ᠴᠢᠩᠭ᠎ᠠ ᠠᠳᠬᠤᠵᠤ᠂ ᠨᠢᠭᠡ ᠲᠠᠯ᠎ᠠ ᠪᠠᠷ ᠬᠢᠨᠠᠨ ᠬᠠᠮᠢᠶᠠᠷᠬᠤ  ᠤᠶᠢᠯᠡᠴᠢᠯᠡᠭᠡ ᠶᠢ ᠠᠳᠬᠤᠨ᠂ ᠢᠳᠡᠭᠡᠨ  ᠤᠮᠳᠠᠭᠠᠨ ᠤ ᠳᠡᠯᠭᠡᠭᠦᠷ ᠤᠨ  ᠤᠶᠢᠯᠡᠳᠪᠤᠷᠢᠯᠡᠯ ᠢᠶᠠᠨ ᠰᠡᠷᠭᠦᠭᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠪᠡ᠃      3 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ  ᠬᠤᠤ ᠰᠢᠶᠠᠩ ᠪᠠᠭᠤᠳᠠᠯ ᠳᠤ ᠣᠷᠣᠵᠤ ᠢᠷᠡᠬᠦ ᠳᠤ᠂  ᠤᠶᠢᠯᠡᠴᠢᠯᠡᠭᠡᠨ ᠤ ᠲᠢᠩᠬᠢᠮ ᠤᠨ ᠴᠡᠪᠡᠷᠯᠡᠭᠰᠡᠨ ᠴᠡᠪᠡᠷ ᠴᠡᠮᠴᠡᠭᠡᠷ ᠪᠠᠶᠢᠬᠤ ᠶᠢ ᠯᠠ ᠣᠯᠵᠤ ᠬᠠᠷᠠᠯ᠎ᠠ᠃ ᠡᠮᠦᠨ᠎ᠡ ᠲᠠᠶᠢᠰᠠᠨ ᠳᠡᠭᠡᠷ᠎ᠡ ᠬᠢᠵᠢᠭ ᠰᠡᠷᠭᠡᠶᠢᠯᠡᠬᠦ ᠡᠳ᠋ ᠪᠣᠳᠠᠰ ᠲᠠᠯᠪᠢᠵᠤ᠂ ᠬᠥᠮᠦᠰ ᠤᠨ ᠳᠤᠯᠠᠭᠠᠨ ᠤ  ᠬᠡᠮᠵᠢᠶᠡᠨ ᠤ ᠪᠦᠷᠢᠳᠬᠡᠯ ᠤᠨ ᠬᠦᠰᠦᠨᠦᠭᠲᠦ᠂ ᠠᠷᠢᠭᠤᠳᠬᠠᠭᠰᠠᠨ ᠲᠡᠮᠳᠡᠭᠯᠡᠯ ᠵᠡᠷᠭᠡ ᠪᠠᠶᠢᠨ᠎ᠠ᠃ ᠠᠵᠢᠯᠲᠠᠳ ᠡᠮ ᠰᠦᠷᠴᠢᠭᠦᠷ ᠢᠶᠠᠨ ᠠᠪᠴᠤ ᠠᠰᠠᠷ ᠤᠨ ᠬᠤᠩᠭᠢᠯ᠂  ᠬᠤᠭᠤᠯᠠᠨ ᠭᠡᠷ ᠵᠡᠷᠭᠡ ᠭᠠᠵᠠᠷ ᠲᠤ  ᠨᠠᠷᠢᠨ ᠨᠢᠮᠪᠠᠶ ᠠᠷᠢᠭᠤᠳᠬᠠᠭᠰᠠᠨ ᠪᠠᠶᠢᠨ᠎ᠠ᠃ ᠬᠤᠵᠢᠮ ᠨᠢ ᠲᠣᠭᠤᠭᠠᠨ ᠬᠡᠷ ᠤᠨ ᠠᠵᠢᠯᠲᠠᠨ ᠡᠷᠡᠭᠦᠯ ᠮᠡᠨᠳᠦ ᠶᠢᠨ ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ  ᠭᠠᠷᠴᠦ᠂ ᠡᠯ᠎ᠡ ᠲᠥᠷᠥᠯ ᠤᠨ ᠲᠠᠩᠰᠠ ᠨᠢ ᠪᠦᠷᠢᠨ  ᠭᠦᠢᠴᠡᠳ ᠵᠢᠷᠤᠮᠵᠢᠯ ᠲᠠᠢ ᠪᠣᠯᠪᠠ᠃ ᠭᠠᠯ ᠭᠤᠯᠣᠮᠲᠠ ᠨᠢ ᠳᠦᠷᠡᠯᠵᠡᠨ ᠨᠣᠴᠣᠵᠤ᠂ ᠲᠣᠭᠤᠭᠠᠴᠢ ᠬᠠᠯᠪᠠᠭ᠎ᠠ ᠪᠠᠷᠢᠵᠤ ᠶᠠᠭᠠᠷᠠᠭᠠᠳ᠂ ᠬᠤᠭᠤᠯᠠ ᠵᠠᠭᠤᠰᠢ ᠶᠢ   ᠨᠢ ᠬᠠᠶᠢᠷᠴᠠᠭ ᠲᠤ ᠬᠢᠵᠦ᠂ ᠡᠯ᠎ᠡ ᠬᠤᠭᠤᠯᠠᠨ ᠭᠡᠷ ᠲᠤ ᠬᠦᠷᠭᠡᠵᠡᠢ᠃ ᠳᠠᠭᠠᠭᠠᠮᠠᠯ ᠵᠦ ᠶᠦᠩ ᠫᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠬᠦ ᠭᠡᠨᠡᠳᠲᠡ ᠶᠢᠨ ᠬᠢᠵᠢᠭ ᠨᠢ ᠮᠠᠨ ᠤ ᠬᠤᠪᠢ ᠶᠢᠨ  ᠤᠶᠢᠯᠡᠳᠪᠤᠷᠢ ᠬᠤᠳᠠᠯᠳᠤᠭᠠᠨ ᠤ ᠡᠷᠦᠬᠡ ᠶᠢᠨ ᠣᠷᠣᠯᠭ᠎ᠠ ᠳᠤ ᠮᠠᠰᠢ ᠶᠡᠭᠡ ᠬᠤᠬᠢᠷᠠᠯ ᠤᠴᠠᠷᠠᠭᠤᠯᠵᠠᠶ᠃ ᠥᠨᠥᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠡᠭᠦᠷᠭᠡ  ᠴᠢᠳᠠᠪᠬᠢ ᠲᠠᠢ ᠰᠠᠯᠠᠭ᠎ᠠ ᠮᠥᠴᠢᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠶᠢᠯᠡᠳᠪᠤᠷᠢᠯᠡᠯ ᠢᠶᠠᠨ  ᠰᠡᠷᠭᠦᠭᠡᠬᠦ ᠶᠢ ᠲᠡᠳᠬᠦᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠡᠯ᠎ᠡ  ᠵᠤᠶᠢᠯ ᠤᠨ ᠡᠳ᠋ᠯᠡᠯ  ᠬᠡᠷᠡᠭᠰᠡᠯ  ᠢ ᠬᠦᠷᠭᠡᠵᠦ ᠢᠷᠡᠭᠰᠡᠨ ᠳᠤ ᠪᠢᠳᠡ ᠮᠠᠰᠢ ᠲᠠᠯᠠᠷᠬᠠᠵᠤ ᠪᠠᠶᠢᠨ᠎ᠠ᠃ ᠮᠠᠨ ᠤ ᠵᠣᠴᠢᠳ ᠤᠨ ᠪᠠᠭᠤᠳᠠᠯ ᠪᠠᠰᠠ ᠠᠵᠢᠯ ᠡᠬᠢᠯᠡᠭᠦᠯᠦᠨ ᠵᠣᠴᠢᠨ ᠡᠷᠦᠬᠡ ᠶᠢ ᠬᠦᠯᠢᠶᠡᠨ ᠠᠪᠬᠤ ᠠᠵᠢᠯ ᠢ ᠭᠦᠢᠴᠡᠳ ᠰᠠᠶᠢᠲᠤᠷ ᠬᠢᠵᠦ  ᠪᠠᠶᠢᠨ᠎ᠠ᠃ ᠳᠡᠯᠭᠡᠭᠦᠷ ᠨᠢ ᠡᠳᠦᠷ ᠪᠦᠷᠢ ᠬᠤᠶᠠᠷ ᠤᠳᠠᠭ᠎ᠠ ᠠᠴᠠ ᠭᠤᠷᠪᠠ ᠤᠳᠠᠭ᠎ᠠ ᠠᠷᠢᠭᠤᠳᠬᠠᠳᠠᠭ  ᠂ ᠵᠣᠴᠢᠳ ᠳᠡᠯᠭᠡᠭᠦᠷ ᠲᠤ ᠣᠷᠣᠬᠤ ᠳᠤ ᠡᠷᠬᠡᠪᠰᠢ 《ᠦᠯᠵᠡᠢ 》ᠬᠤᠶᠠᠷ  ᠬᠡᠮᠵᠢᠯᠳᠦ ᠺᠣᠳ᠋ ᠢ ᠱᠦᠭᠦᠷᠳᠡᠵᠦ᠂ ᠪᠡᠶ᠎ᠡ ᠶᠢᠨ ᠳᠤᠯᠠᠭᠠᠨ ᠢ ᠬᠡᠮᠵᠢᠵᠦ᠂ ᠨᠠᠷᠢᠨ ᠨᠢᠭᠲᠠ ᠮᠡᠳᠡᠭᠡ ᠵᠠᠩᠭᠢ ᠶᠢ  ᠪᠦᠷᠢᠨ ᠭᠦᠢᠴᠡᠳ ᠬᠢᠬᠦ ᠬᠡᠷᠡᠭᠲᠡᠢ᠂ ᠪᠢᠳᠡ ᠬᠥᠮᠦᠨ ᠪᠦᠷᠢ ᠶᠢᠨ ᠬᠤᠭᠤᠯᠠ ᠢᠳᠡᠬᠦ ᠶᠢᠨ ᠬᠤᠭᠤᠷᠣᠨᠳᠣ 1 ᠮᠧᠲᠷ ᠠᠯᠤᠰᠯᠠᠵᠤ᠂ ᠰᠢᠷᠡᠭᠡᠨ  ᠤ ᠬᠤᠭᠤᠷᠣᠨᠳᠣ 1.5 ᠮᠧᠲᠷ ᠠᠯᠤᠰᠯᠠᠵᠤ᠂ ᠳᠡᠯᠭᠡᠭᠦᠷ ᠲᠤ ᠣᠷᠣᠬᠤ ᠪᠤᠢ ᠪᠦᠬᠦᠢ ᠬᠡᠷᠡᠭᠯᠡᠭᠴᠢ ᠳᠤ ᠬᠤᠭᠤᠯᠠ ᠢᠳᠡᠬᠦ ᠶᠢ ᠪᠠᠲᠤᠯᠠᠳᠠᠭ᠃ ᠣᠳᠣᠬᠠᠨ ᠳᠤ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶ  ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠲᠥᠷᠥᠯ ᠬᠤᠪᠢᠶᠠᠨ ᠵᠢᠯᠣᠭᠤᠳᠴᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠤᠶᠢᠯᠡᠳᠪᠤᠷᠢᠯᠡᠯ  ᠢᠶᠠᠨ ᠰᠡᠷᠭᠦᠭᠡᠨ ᠡᠵᠡᠩᠨᠡᠬᠦ ᠶᠢ ᠠᠮᠤᠷ ᠲᠦᠪᠰᠢᠨ ᠡᠮᠬᠢ ᠵᠢᠷᠤᠮ ᠲᠠᠢ ᠪᠠᠷ ᠠᠬᠢᠭᠤᠯᠵᠤ᠂ ᠡᠵᠡᠩᠨᠡᠯᠲᠡ ᠶᠢᠨ ᠬᠡᠪᠴᠢᠶ᠎ᠡ ᠪᠠ  ᠠᠶᠠᠨᠴᠢᠳ ᠤᠨ ᠤᠷᠤᠰᠴᠠ ᠶᠢ ᠵᠣᠬᠢᠰᠲᠠᠶ ᠬᠢᠵᠠᠭᠠᠷᠯᠠᠭᠰᠠᠨ ᠰᠠᠭᠤᠷᠢᠨ ᠳᠡᠭᠡᠷ᠎ᠡ᠂  ᠵᠠᠯᠭᠠᠪᠡᠷ ᠢᠳᠡᠭᠡᠨ ᠤᠮᠳᠠᠭᠠᠨ ᠤ ᠳᠡᠯᠭᠡᠭᠦᠷ ᠢᠶᠠᠨ ᠨᠡᠭᠡᠭᠡᠪᠡ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠭᠳᠡᠯ ᠨᠠᠭᠠᠵᠤ᠂ ᠸᠢᠴᠠᠲ ᠤᠨ ᠪᠦᠯᠦᠭᠯᠡᠯ᠂ QQ ᠰᠦᠷᠦᠭ ᠵᠡᠷᠭᠡ ᠠᠷᠭ᠎ᠠ ᠵᠠᠮ ᠢᠶᠠᠷ ᠠᠵᠢᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠪᠠ  ᠰᠡᠷᠭᠡᠶᠢᠯᠡᠨ ᠡᠵᠡᠮᠳᠡᠬᠦ ᠵᠢᠷᠤᠮᠵᠢᠯ ᠢ ᠢᠳᠡᠪᠬᠢᠲᠡᠶ ᠤᠬᠠᠭᠤᠯᠬᠤ ᠶᠢᠨ ᠬᠠᠮᠲᠤ ᠲᠠᠶᠢᠯᠪᠤᠷᠢᠯᠠᠨ  ᠦᠭᠴᠦ᠂ ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠢᠳᠡᠭᠡᠨ ᠤᠮᠳᠠᠭᠠᠨ ᠤ ᠤᠶᠢᠯᠡᠴᠢᠯᠡᠭᠡᠨ ᠤ  ᠤᠶᠢᠯᠡᠰ ᠤᠨ ᠤᠶᠢᠯᠡᠳᠪᠤᠷᠢᠯᠡᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠬᠡᠷᠡᠭᠵᠢᠭᠦᠯᠦᠨ᠎ᠡ ᠃ ᠡᠭᠦᠨ ᠤ ᠬᠠᠮᠲᠤ᠂ ︽ᠲᠤᠤᠷᠴᠢᠯᠠᠭᠰᠠᠨ︾ ᠳᠠᠪᠠᠭᠤᠯᠢᠭ ᠢ ᠠᠰᠢᠭᠯᠠᠨ᠂ ᠬᠦᠴᠦᠨ ᠢᠶᠠᠨ ᠲᠥᠪᠯᠡᠷᠡᠭᠦᠯᠦᠨ ᠢᠳᠡᠭᠡᠨ ᠤᠮᠳᠠᠭᠠᠨ ᠤ ᠨᠢᠭᠡᠴᠡ ᠶᠢ ᠲᠤᠬᠠᠶ ᠶᠢᠨ ᠭᠠᠵᠠᠷ ᠲᠤᠨᠢ ᠵᠢᠯᠣᠭᠤᠳᠴᠤ ᠪᠠᠶᠢᠭᠠᠳ ᠬᠠᠮᠢᠶᠠᠷᠤᠯᠲᠠ ᠶᠢ  ᠲᠡᠭᠦᠯᠳᠡᠷᠵᠢᠭᠦᠯᠬᠦ᠂ ᠠᠷᠢᠭᠤᠳᠬᠠᠵᠤ ᠪᠠᠺᠲ᠋ᠧᠷᠢ ᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ  ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠪᠰᠤᠷᠤᠨ ᠢᠳᠡᠭᠡᠨ  ᠤᠮᠳᠠᠭᠠᠨ ᠤ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠬᠦ ᠬᠦᠴᠢᠷ ᠠᠰᠠᠭᠤᠳᠠᠯ ᠢ  ᠰᠢᠢᠳᠪᠤᠷᠢᠯᠡᠵᠦ ᠥᠭᠭᠦᠨ᠎ᠡ᠃     ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠩ ᠮᠤᠤ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠮᠠ ᠯᠦᠩ ᠬᠡᠯᠡᠬᠦ ᠳᠡᠭᠡᠨ᠂  ᠪᠦᠬᠦ ᠰᠢᠶᠠᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠠᠪᠰᠤᠷᠤᠨ ᠤᠶᠢᠯᠡᠳᠪᠤᠷᠢᠯᠡᠯ ᠢ ᠨᠢ ᠰᠡᠷᠭᠦᠭᠡᠬᠦ  ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠠᠵᠤ ᠠᠬᠤᠶᠢᠯᠠᠯ ᠤᠨ ᠬᠦᠴᠢᠷ ᠢ   ᠰᠢᠢᠳᠪᠤᠷᠢᠯᠡᠬᠦ ᠶᠢᠨ ᠬᠠᠮᠲᠤ ᠠᠵᠤ ᠠᠬᠤᠶᠢᠯᠠᠯ ᠳᠤ ᠠᠷᠢᠭᠤᠳᠬᠠᠭᠰᠠᠨ ᠬᠡᠰᠡᠭ᠂ ᠪᠡᠶ᠎ᠡ ᠶᠢᠨ ᠳᠤᠯᠠᠭᠠᠨ ᠢ ᠰᠢᠯᠭᠠᠬᠤ ᠫᠤᠤ᠂ ᠠᠮᠠᠪᠴᠢ ᠵᠡᠷᠭᠡ ᠴᠢᠬᠤᠯᠠ ᠬᠡᠷᠡᠭᠰᠡᠯ ᠬᠠᠩᠬᠠᠵᠤ᠂ ᠠᠵᠤ ᠠᠬᠤᠶᠢᠯᠠᠯ ᠢ ᠬᠠᠪᠰᠤᠷᠤᠨ ᠡᠯ᠎ᠡ  ᠵᠤᠶᠢᠯ ᠤᠨ ᠡᠬᠡ ᠳᠠᠩᠰᠠ ᠪᠠᠶᠢᠭᠤᠯᠵᠤ  ᠂ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ  ᠵᠤᠬᠢᠴᠠᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢ ᠬᠠᠪᠰᠤᠷᠤᠨ  ᠳᠠᠩᠰᠠᠯᠠᠭᠤᠯᠵᠤ᠂ ᠲᠣᠰ ᠳᠡᠯᠭᠡᠭᠦᠷ  ᠤᠨ ᠬᠤᠶᠠᠷ ᠬᠡᠮᠵᠢᠯᠳᠦ ᠺᠣᠳ᠋ ᠠᠪᠴᠤ᠂ ᠬᠡᠷᠡᠭᠯᠡᠭᠴᠢᠳ ᠺᠣᠳ᠋ ᠰᠢᠷᠪᠢᠵᠦ ᠳᠡᠯᠭᠡᠭᠦᠷ ᠲᠤ ᠬᠤᠭᠤᠯᠠ ᠢᠳᠡᠵᠦ᠂ ᠬᠡᠷᠡᠭᠯᠡᠭᠴᠢᠳ ᠤᠨ ᠬᠤᠭᠤᠯᠠ ᠢᠳᠡᠬᠦ ᠶᠢ ᠦᠨᠡᠨᠬᠦ ᠪᠠᠲᠤᠯᠠᠨ᠎ᠠ᠃    ᠣᠶᠢᠯᠠᠭᠠᠭᠰᠠᠨ ᠢᠶᠠᠷ᠂ ᠮᠠᠨ ᠤ ᠰᠢᠶᠠᠨ ᠬᠢᠵᠢᠭ ᠤᠨ ᠪᠠᠶᠢᠳᠠᠯ ᠤᠨ ᠬᠤᠪᠢᠷᠠᠯᠲᠠ ᠵᠢᠴᠢ ᠠᠵᠢᠯ ᠢᠶᠠᠨ ᠰᠡᠷᠭᠦᠭᠡᠵᠦ  ᠤᠶᠢᠯᠡᠳᠪᠤᠷᠢᠯᠡᠯ ᠢᠶᠠᠨ ᠰᠡᠷᠭᠦᠭᠡᠬᠦ ᠠᠳᠠᠯᠢ ᠪᠤᠰᠤ ᠱᠠᠲᠤᠨ ᠳᠤ ᠴᠢᠭᠯᠡᠭᠦᠯᠦᠨ᠂ ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠩ  ᠰᠠᠶᠢᠨ  ᠤᠶᠢᠯᠡᠴᠢᠯᠡᠭᠡ ᠪᠠᠷ ᠪᠥᠬᠦ ᠰᠢᠶᠠᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠢᠳᠡᠪᠬᠢᠲᠡᠶ ᠳᠥᠯᠭᠢᠨ ᠠᠬᠢᠭᠤᠯᠪᠠ᠃ ︵ᠰᠤᠷᠪᠤᠯᠵᠢᠯᠠᠭᠴᠢ᠄ ᠰᠦᠩ ᠹᠦ᠋ ᠾᠧᠩ      ᠱᠠᠩ ᠶᠦᠨ ᠰᠢᠶᠠ︶                                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                   ᠤᠷᠴᠢᠭᠤᠯᠤᠭᠴᠢ᠄ ᠼᠦᠢ ᠴᠢᠩ                                   ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2