ᠸᠠᠩ ᠸᠧᠨ ᠲᠠᠭ᠎ᠠ ᠶᠢᠨ ᠨᠠᠭᠤᠷ ᠪᠠᠯᠭᠠᠰᠤᠨ ᠳᠤ ᠭᠦᠨᠵᠡᠭᠡᠶᠢᠷᠡᠨ ᠮᠠᠯ ᠵᠢᠭᠦᠷᠲᠡᠨ ᠤ ᠢᠯᠭᠠᠳᠠᠰᠤ ᠶᠢ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-23
    3 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠲᠠᠭ᠎ᠠ ᠶᠢᠨ ᠨᠠᠭᠤᠷ ᠪᠠᠯᠭᠠᠰᠤᠨ ᠳᠤ ᠭᠦᠨᠵᠡᠭᠡᠶᠢᠷᠡᠨ ᠮᠠᠯ ᠵᠢᠭᠦᠷᠲᠡᠨ ᠤ ᠢᠯᠭᠠᠳᠠᠰᠤ ᠶᠢ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ  ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠷᠧᠨ ᠳ᠋ᠦᠩ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠸᠠᠩ ᠸᠧᠨ ᠨᠠᠷ ᠤᠷᠢᠳ ᠬᠤᠵᠢᠳ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ᠂ ᠭᠤᠷᠪᠠᠳᠤᠭᠠᠷ ᠰᠤᠮᠤ ᠲᠣᠰᠬᠤᠨ᠂ ᠰᠦᠩ  ᠱᠦ ᠭᠸᠤ ᠲᠣᠰᠬᠤᠨ ᠳᠤ ᠭᠦᠨᠵᠡᠭᠡᠶᠢᠷᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ  ᠤᠶᠢᠯᠡᠳᠪᠤᠷᠢᠯᠡᠯ ᠤᠨ ᠦᠨᠳᠦᠰᠦᠨ ᠪᠠᠶᠢᠳᠠᠯ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠰᠢᠢᠳᠪᠦᠷᠢᠯᠡᠬᠦ ᠵᠠᠭᠪᠤᠷ ᠪᠣᠯᠤᠨ ᠭᠤᠣᠯ ᠠᠷᠭ᠎ᠠ  ᠬᠡᠮᠵᠢᠶ᠎ᠡ ᠵᠢᠴᠢ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠰᠢᠵᠤ ᠪᠠᠶᠢᠭ᠎ᠠ ᠬᠦᠴᠢᠷᠳᠡᠯ ᠪᠣᠯᠤᠨ  ᠠᠰᠠᠭᠤᠳᠠᠯ ᠢ ᠨᠠᠷᠢᠨ ᠣᠶᠢᠯᠠᠭᠠᠪᠠ᠃
        ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ  ᠸᠧᠨ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ  ᠰᠠᠯᠠᠭ᠎ᠠ ᠮᠥᠴᠢᠷ ᠤᠳ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠡᠷᠭᠢᠯᠳᠦᠭᠦᠯᠦᠨ ᠠᠰᠢᠭᠯᠠᠬᠤ ᠠᠵᠢᠯ  ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ  ᠭᠦᠢᠴᠡᠳ ᠲᠠᠨᠢᠬᠤ ᠬᠡᠷᠡᠭᠲᠡᠶ᠃ ᠡᠯ᠎ᠡ ᠲᠡᠵᠢᠭᠡᠨ ᠦᠷᠡᠵᠢᠭᠦᠯᠬᠦ ᠲᠠᠯᠠᠪᠠᠶ ᠨᠤᠭᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ  ᠲᠤᠬᠢᠷᠠᠭᠤᠯᠤᠨ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠡᠵᠢᠭᠡᠨ  ᠦᠷᠡᠵᠢᠭᠦᠯᠬᠦ ᠲᠠᠯᠠᠪᠠᠶ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠡᠷᠭᠢᠨ ᠲᠣᠭᠤᠷᠢᠨ ᠤ ᠭᠠᠵᠠᠷ ᠰᠢᠷᠣᠶ ᠶᠢ  ᠭᠦᠢᠴᠡᠳ ᠠᠰᠢᠭᠯᠠᠨ  ᠂  ᠪᠡᠯᠡᠳᠬᠡᠮᠵᠢ ᠶᠢᠨ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠲᠦᠮᠵᠢᠲᠡᠶ ᠠᠬᠢᠭᠤᠯᠬᠤ ᠬᠡᠷᠡᠭᠲᠡᠶ᠃ ᠰᠤᠯᠠ ᠲᠡᠵᠢᠭᠡᠵᠦ ᠲᠥᠪᠯᠡᠷᠡᠭᠦᠯᠦᠨ ᠪᠣᠬᠢᠷᠲᠤᠯ ᠢ ᠵᠠᠰᠠᠬᠤ ᠶᠢ ᠶᠡᠬᠡᠪᠡᠷ ᠳᠡᠯᠭᠡᠷᠡᠭᠦᠯᠵᠦ᠂ ᠲᠡᠵᠢᠭᠡᠨ  ᠦᠷᠡᠵᠢᠭᠦᠯᠬᠦ ᠪᠠᠭᠠᠰᠤ ᠰᠢᠭᠡᠰᠦ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠡᠬᠢ ᠡᠭᠦᠰᠦᠯ ᠠᠴᠠ ᠨᠢ ᠪᠣᠬᠢᠷᠲᠤᠯ ᠢ ᠬᠢᠵᠠᠭᠠᠷᠯᠠᠬᠤ᠂ ᠶᠠᠪᠤᠴᠠ ᠪᠠᠷ ᠪᠣᠬᠢᠷᠲᠤᠯ ᠢ ᠪᠠᠭᠠᠰᠬᠠᠬᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ ᠠᠮᠢ ᠠᠬᠤᠢ ᠶᠢᠨ ᠡᠷᠭᠢᠯᠲᠡ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠢ ᠵᠠᠰᠠᠬᠤ ᠪᠠ ᠬᠥᠭᠵᠢᠭᠦᠯᠬᠦ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ  ᠭᠡᠪᠡ᠃      ᠸᠠᠩ ᠸᠧᠨ‌‍ᠴᠢᠬᠤᠯᠠᠴᠢᠯᠠᠭᠰᠠᠨ ᠨᠢ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠢᠴᠢ ᠪᠠᠭᠠᠰᠤ ᠰᠢᠭᠡᠰᠦᠨ ᠤ ᠪᠣᠬᠢᠷᠲᠤᠯ  ᠭᠠᠳᠠᠭᠰᠢᠯᠠᠭᠤᠯᠬᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ  ᠪᠠᠶᠢᠭᠤᠯᠵᠤ᠂ ᠮᠠᠯ ᠠᠵᠤ ᠠᠬᠤᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠢ ᠬᠥᠭᠵᠢᠯᠲᠡ ᠶᠢ  ᠪᠠᠷᠢᠮᠳᠠᠯᠠᠵᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠪᠠᠭᠠᠰᠤ  ᠰᠢᠭᠡᠰᠦ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ᠃ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ  ᠰᠠᠶᠢᠵᠢᠷᠠᠭᠤᠯᠵᠤ᠂ ᠪᠠᠭᠠᠰᠤᠨ  ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠨ ᠢ ᠪᠦᠷᠬᠦᠬᠦᠯᠦᠨ ᠵᠠᠰᠠᠬᠤ ᠶᠢ  ᠪᠡᠶᠡᠯᠡᠭᠦᠯᠵᠦ᠂ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ  ᠢᠶᠠᠷ ᠬᠠᠮᠲᠤᠪᠠᠷ ᠠᠰᠢᠭ ᠬᠦᠷᠲᠡᠬᠦ ᠶᠢ ᠴᠢᠷᠮᠠᠶᠢᠨ  ᠪᠡᠶᠡᠯᠡᠭᠦᠯᠬᠦ ᠬᠡᠷᠡᠭᠳᠡᠢ ᠭᠡᠪᠡ  ᠃ ︵ᠰᠤᠷᠪᠤᠯᠵᠢᠯᠠᠭᠴᠢ᠄ ᠴᠧᠨ ᠶᠦᠨ︶                                                                                                             ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2