ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 9 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-26
   3 ᠳ᠋ᠤᠭᠠᠷ ᠰᠠᠷ᠎ᠠ ᠶᠢᠨ 24 ᠤ ᠡᠳᠦᠷ᠂ ᠮᠠᠨ ᠤ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 9 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ  ᠬᠤᠷᠠᠯ ᠢ ᠡᠷᠭᠢᠯᠡᠪᠡ᠃ ᠰᠢᠶᠠᠨ ᠤ ᠤᠳᠤᠷᠢᠳᠤᠯᠭ᠎ᠠ ᠰᠢᠤᠢ ᠯᠦᠩ᠂ ᠴᠧᠨ ᠸᠧᠶ᠂ ᡂᠢ ᠵᠢᠶᠠᠨ  ᠹᠧᠩ᠂ ᠯᠢ ᡁᠢ ᠭᠠᠩ᠂ ᠯᠢ  ᠹᠧᠩ ᠱᠤᠸᠠᠩ᠂ ᠱᠢ ᠼᠦᠢ ᠴᠢᠨ ᠬᠤᠷᠠᠯ ᠳᠤ ᠣᠷᠣᠯᠴᠠᠵᠠᠶ᠃
        ᠬᠤᠷᠠᠯ ᠠᠴᠠ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠢᠳᠠᠯ ᠡᠭᠦᠰᠦᠭᠰᠡᠨ ᠠᠴᠠ ᠨᠠᠰᠢ᠂ ᠪᠦᠬᠦ ᠰᠢᠶᠠᠨ ᠢᠶᠠᠷ ᠢᠶᠠᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠠᠮᠳᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ  ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠭᠦᠨ ᠤ ᠬᠠᠮᠲᠤ ᠣᠳᠣᠬᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠤ  ᠪᠤᠳᠤᠯᠢᠶᠠᠨᠳᠠᠢ ᠪᠠᠶᠢᠵᠤ᠂ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠶ᠃ ᠪᠦᠬᠦ ᠰᠢᠶᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠲᠠᠭᠤ ᠴᠢᠩᠭ᠎ᠠ  ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ  ᠭᠦᠢᠴᠡᠳ ᠲᠠᠨᠢᠵᠤ᠂ ᠤᠳᠠᠭᠠᠨ  ᠲᠠᠭᠠᠭᠠᠮᠠᠭᠠᠢ ᠳᠠᠶᠢᠨ ᠬᠢᠬᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠵᠡᠯ ᠰᠠᠨᠠᠭᠠᠨ ᠤ ᠪᠡᠯᠡᠳᠬᠡᠯ ᠢ ᠰᠠᠶᠢᠲᠤᠷ ᠬᠢᠵᠦ᠂ ᠢᠲᠡᠭᠡᠯ ᠵᠣᠷᠢᠭ ᠢᠶᠠᠨ ᠪᠠᠲᠤᠳᠬᠠᠨ᠂ ᠲᠣᠭᠲᠠᠯ ᠬᠦᠴᠦᠨ ᠢᠶᠠᠨ ᠪᠠᠲᠤᠯᠠᠵᠤ᠂ ᠪᠦᠯᠬᠦᠮᠳᠡᠨ ᠨᠢᠭᠡᠳᠴᠦ᠂ ᠤᠯᠠᠨ ᠤ  ᠵᠦᠭ ᠨᠢᠭᠡᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠳᠤ ᠡᠷᠡᠰ ᠢᠯᠠᠯᠲᠠ ᠤᠯᠬᠤ ᠬᠡᠷᠡᠭᠲᠡᠶ ᠭᠡᠪᠡ᠃
          ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠢᠯᠠᠩᠭᠤᠶ᠎ᠠ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠠᠵᠢᠯ ᠢᠶᠠᠨ ᠰᠡᠷᠭᠦᠭᠡᠵᠦ  ᠤᠶᠢᠯᠡᠳᠪᠤᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ ᠳᠠᠬᠢᠵᠤ ᠠᠵᠢᠯᠯᠠᠬᠤ ᠬᠥᠮᠦᠰ ᠢᠳᠡᠭ ᠢᠳᠡᠭ ᠢᠶᠠᠷ ᠨᠡᠮᠡᠭᠳᠡᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠡᠯᠢᠶᠡᠳ ᠶᠡᠭᠡ ᠳᠠᠷᠤᠯᠲᠠ  ᠠᠪᠴᠢᠷᠠᠪᠠ᠃ ᠭᠠᠳᠠᠨ᠎ᠠ ᠠᠴᠠ ᠢᠷᠡᠭᠰᠡᠨ ᠬᠥᠮᠦᠰ ᠤᠨ ᠢᠷᠡᠯᠲᠡ ᠵᠢᠴᠢ ᠬᠥᠳᠡᠯᠦᠯ ᠪᠠᠶᠢᠳᠠᠯ ᠢ ᠲᠣᠳᠣᠷᠬᠠᠶ ᠡᠵᠡᠮᠰᠢᠬᠦ ᠶᠢᠨ ᠬᠠᠮᠲᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠤᠤᠯᠳᠠᠯᠭ᠎ᠠ ᠲᠠᠢ ᠬᠥᠮᠦᠰ ᠢ ᠪᠠᠶᠢᠴᠠᠭᠠᠨ ᠰᠢᠯᠭᠠᠵᠤ ᠲᠤᠰᠠᠭᠠᠷᠯᠠᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠠᠵᠢᠯ ᠢᠶᠠᠨ ᠦᠨᠡᠨᠬᠦ ᠴᠢᠩᠭ᠎ᠠ ᠨᠢᠮᠪᠠᠶ ᠪᠣᠳᠠᠲᠠᠶ ᠬᠢᠬᠦ ᠬᠡᠷᠡᠭᠲᠡᠶ᠃ ᠭᠤᠤᠯᠳᠠᠯᠭ᠎ᠠ ᠲᠠᠢ ᠬᠢᠵᠢᠭᠲᠦ ᠣᠷᠣᠨ ᠤ ᠰᠢᠶᠠᠨ ᠳᠤ ᠪᠤᠴᠠᠵᠤ ᠢᠷᠡᠭᠰᠡᠳ ᠪᠠ ᠭᠠᠳᠠᠭᠠᠳᠤ ᠳᠤ ᠪᠤᠴᠠᠵᠤ ᠢᠷᠡᠭᠰᠡᠨ  ᠬᠦᠮᠦᠰ ᠤᠨ ᠬᠢᠨᠠᠨ ᠬᠡᠮᠵᠢᠯᠲᠡ ᠶᠢ ᠬᠢᠨᠠᠮᠠᠭᠠᠶ ᠰᠠᠶᠢᠲᠤᠷ ᠬᠢᠵᠦ᠂ ᠤᠯᠠᠮ ᠨᠢᠭᠡ ᠠᠯᠬᠤᠮ ᠨᠠᠷᠢᠨ ᠲᠣᠳᠣᠷᠬᠠᠶ  ᠤᠶᠢᠯᠡᠭᠠᠵᠤ  ᠂ ᠲᠥᠷᠥᠯ ᠬᠤᠪᠢᠶᠠᠨ ᠳᠡᠩᠰᠡᠯᠡᠵᠦ᠂ ᠴᠠᠭ ᠲᠤᠬᠠᠶ ᠳᠤᠨᠢ ᠲᠤᠰᠬᠠᠶ ᠬᠥᠮᠦᠨ ᠲᠣᠮᠢᠯᠠᠨ ᠲᠤᠰᠠᠭᠠᠷᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠳᠤ ᠡᠷᠡᠰ ᠢᠯᠠᠯᠲᠠ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ︵ᠰᠤᠷᠪᠤᠯᠵᠢᠯᠠᠭᠴᠢ ᠸᠠᠩ ᠪᠢᠨ᠂ ᠯᠢ ᠰᠢᠶᠣᠤ ᠾᠦᠢ︶                                                                                                     ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ                                 ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2